ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠰᠤᠷᠤᠯᠴᠠᠯᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/6

       10 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ

ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ

ᠬᠠᠮᠲᠤ ᠶᠢᠨ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ

ᠲᠠᠯᠪᠢᠵᠠᠢ᠃

       ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠨᠡᠶᠢᠭᠡᠮᠯᠢᠭ ᠤᠨ ᠨᠠᠮ ᠤᠨ

ᠬᠤᠷᠢᠶ᠎ᠠ ᠶᠢᠨ ᠱᠦᠵᠢ᠂ ᠬᠡᠷᠡᠭ ᠡᠷᠭᠢᠯᠡᠭᠴᠢᠳ ᠤᠨ ᠳᠠᠷᠤᠭ᠎ᠠ᠂ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ

ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠸᠠᠩ ᠳ᠋ᠧ ᠰᠢᠤᠸᠠᠢ ᠤᠷᠢᠯᠭ᠎ᠠ ᠪᠠᠷ ᠲᠤᠰᠬᠠᠢ ᠰᠡᠳᠦᠪᠲᠦ

ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠳ᠋ᠢᠩ ᠰᠢᠸ ᠹᠧᠩ᠂ ᠬᠤᠸᠠᠩ ᡁᠢ ᠴᠢᠶᠠᠩ ᠭᠤᠣᠯᠳᠠᠯᠭ᠎ᠠ ᠲᠠᠢ ᠶᠠᠷᠢᠶ᠎ᠠ ᠲᠠᠯᠪᠢᠵᠤ᠂ ᠪᠤᠤ ᠭᠠᠩ᠂ ᠮᠧᠩ ᠰᠢᠶᠠᠨ

ᠳ᠋ᠦᠩ ᠰᠣᠯᠢᠯᠴᠠᠭᠠᠨ ᠤ ᠪᠢᠴᠢᠭ ᠮᠠᠲ᠋ᠧᠷᠢᠶᠠᠯ ᠢᠶᠠᠨ ᠳᠡᠪᠰᠢᠭᠦᠯᠵᠡᠢ᠃

        ᠰᠦᠨ ᠱᠤᠤ ᠴᠧᠩ᠂ ᠥᠪᠥᠷ ᠮᠣᠩᠭᠤᠯ ᠪᠣᠯ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠮᠥᠨ᠂ ᠬᠥᠭᠵᠢᠯᠲᠡ

ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠂ ᠠᠮᠤᠷ ᠲᠦᠪᠰᠢᠨ ᠲᠣᠭᠲᠠᠭᠤᠨ ᠤ

ᠬᠠᠯᠬᠠᠪᠴᠢ ᠶᠢᠨ ᠡᠨᠡ ᠬᠦ ᠤᠯᠠᠭᠠᠨ ᠱᠤᠭᠤᠮ ᠢ ᠰᠠᠶᠢᠲᠤᠷ ᠰᠠᠬᠢᠪᠠᠯ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠠᠷᠠᠳ ᠲᠦᠮᠡᠨ ᠤ

ᠵᠣᠯ ᠵᠢᠷᠭᠠᠯ ᠢ ᠬᠠᠮᠠᠭᠠᠯᠠᠵᠤ ᠴᠢᠳᠠᠨ᠎ᠠ᠃ ᠠᠮᠤᠷ ᠲᠦᠪᠰᠢᠨ ᠬᠥᠭᠵᠢᠯᠲᠡ ᠶᠢᠨ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ

ᠪᠠᠲᠤ ᠪᠠᠬᠢ ᠪᠤᠢ ᠪᠤᠯᠭᠠᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠯᠠᠮ ᠰᠠᠶᠢᠨ ᠪᠤᠯᠬᠤ ᠲᠤᠳᠤᠮ᠂ ᠬᠥᠭᠵᠢᠯᠲᠡ ᠶᠢ ᠲᠦᠷᠭᠡᠳᠬᠡᠬᠦ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠬᠠᠯᠠᠭᠤᠨ ᠰᠡᠳᠬᠢᠯᠭᠡ ᠤᠯᠠᠮ ᠥᠨᠳᠥᠷ ᠪᠤᠯᠬᠤ ᠲᠤᠳᠤᠮ᠂ ᠠᠮᠤᠷ ᠲᠦᠪᠰᠢᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠢ ᠤᠯᠠᠮ

ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯᠴᠠᠭ᠎ᠠ ᠶᠢ ᠴᠢᠷᠮᠠᠶᠢᠨ ᠪᠡᠶᠡᠯᠡᠭᠦᠯᠬᠦ

ᠬᠡᠷᠡᠭᠲᠡᠢ᠃

        ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠤᠨ

ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠥᠪᠴᠢ ᠶᠢ ᠨᠡᠩ ᠴᠢᠩᠭᠠᠯᠠᠵᠤ᠂

ᠲᠠᠨᠢᠯᠲᠠ ᠪᠠᠨ ᠪᠠᠲᠤᠳᠬᠠᠬᠤ ᠪᠠᠷ ᠲᠠᠮᠵᠢᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠮᠠ ᠳᠡᠭᠡᠷ᠎ᠡ ᠪᠠᠨ ᠣᠪᠣᠷ ᠢᠶᠠᠨ ᠢᠯᠡᠳᠬᠡᠭᠡᠳ ᠯᠡ ᠪᠠᠶᠢᠵᠤ ᠪᠤᠯᠬᠤ ᠦᠭᠡᠢ᠂

ᠰᠢᠷᠬ᠎ᠠ ᠨᠢ ᠡᠳᠡᠭᠡᠷᠡᠭᠡᠳ ᠡᠪᠡᠳᠬᠦ ᠪᠠᠨ ᠮᠠᠷᠲᠠᠵᠤ ᠪᠤᠯᠬᠤ ᠦᠭᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠦᠷᠢᠮ ᠲᠣᠭᠲᠠᠴᠠ ᠶᠢᠨ

ᠬᠤᠷᠢᠭ᠎ᠠ ᠱᠤᠭᠤᠮ ᠢ ᠪᠠᠲᠤ ᠴᠣᠭᠴᠠᠯᠠᠵᠤ᠂ ︽ᠦᠬᠡᠷ ᠤᠨ ᠬᠠᠰᠢᠶᠠᠨ ᠳᠤ ᠮᠤᠤᠷ ᠬᠤᠷᠢᠬᠤ︾ ᠪᠠ ᠬᠡᠲᠦᠷᠬᠡᠢ ᠶᠠᠷᠰᠢᠭ ᠲᠦᠪᠡᠭᠲᠡᠢ ᠠᠰᠠᠭᠤᠳᠠᠯ ᠢ ᠬᠦᠴᠦᠯᠡᠨ

ᠰᠢᠢᠳᠪᠦᠷᠢᠯᠡᠵᠦ᠂ ᠳᠦᠷᠢᠮ ᠲᠣᠭᠲᠠᠴᠠ ᠶᠢᠨ ᠬᠠᠨᠳᠤᠯᠭᠠᠲᠤ ᠴᠢᠨᠠᠷ᠂ ᠠᠵᠢᠯᠯᠠᠭᠠᠨ ᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂ ᠬᠡᠯᠪᠡᠷᠢᠴᠢ ᠦᠵᠡᠯ ᠶᠠᠪᠤᠭᠤᠯᠬᠤ ᠶᠢ

ᠡᠬᠢ ᠡᠭᠦᠰᠦᠯ ᠠᠴᠠ ᠨᠢ ᠡᠷᠡᠰ ᠰᠡᠷᠭᠡᠶᠢᠯᠡᠬᠦ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢᠨ

ᠪᠠᠶᠢᠭᠤᠯᠤᠯᠲᠠ ᠶᠢ ᠪᠠᠲᠤ ᠴᠢᠩᠭ᠎ᠠ ᠠᠳᠬᠤᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠬᠤ ᠶᠢ

ᠠᠬᠢᠭᠤᠯᠵᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠬᠤ ᠡᠨᠡ ᠬᠦ ︽ᠵᠠᠩᠭᠢᠯᠠᠭ᠎ᠠ︾᠎ ᠶᠢ ᠪᠠᠲᠤ ᠴᠢᠩᠭ᠎ᠠ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠠᠳᠬᠤᠬᠤ︾

ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠨᠢᠭᠲᠠ ᠬᠤᠯᠪᠣᠯᠳᠤᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷ

ᠲᠦᠷᠦᠭᠦᠯᠡᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠠᠶᠤᠯᠭᠦᠢ ᠦᠢᠯᠡᠳᠪᠦᠷᠢᠯᠡᠯ ᠤᠨ ᠠᠵᠢᠯ ᠢ

ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠠᠵᠢᠯ ᠢ ᠭᠦᠨᠵᠡᠭᠡᠢ

ᠥᠷᠨᠢᠭᠦᠯᠵᠦ᠂ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ᠂ ᠣᠯᠠᠨᠲᠠ ᠰᠤᠷᠭᠠᠪᠠᠴᠤ ᠵᠠᠰᠠᠷᠠᠬᠤ ᠦᠭᠡᠢ ᠶᠢ ︽ᠶᠠᠯ᠎ᠠ ᠶᠢ ᠨᠢ ᠬᠦᠨᠳᠦᠷᠡᠭᠦᠯᠵᠦ︾ ᠴᠢᠩᠭ᠎ᠠ

ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ