ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠠᠯ
ᠨᠡᠶᠢᠲᠡᠯᠡᠭᠰᠡᠨ ᠴᠠᠭ᠄
2023/11/6
 

10 ᠰᠠᠷ᠎ᠠ ᠶᠢᠨ 18 ᠤ ᠡᠳᠤᠷ ᠠᠴᠠ

10 ᠰᠠᠷ᠎ᠠ ᠶᠢᠨ 26 ᠤ ᠡᠳᠤᠷ

       10 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠨᠠᠷ ᠱᠧᠨᠵᠧᠨ

ᠬᠤᠲᠠ ᠳᠤ ᠬᠦᠷᠴᠦ ᠠᠷᠠᠯᠵᠢᠶᠠᠴᠢᠨ ᠤᠷᠢᠬᠤ ᠠᠵᠢᠯᠯᠠᠭ᠎ᠠ ᠦᠷᠨᠢᠬᠦᠯᠵᠤ᠂ ᠱᠧᠨ ᠱᠦᠢ ᠬᠠᠢ ᠨᠠ ᠤᠰᠤᠨ ᠤ ᠶᠠᠪᠤᠳᠠᠯ ᠤᠨ ᠪᠦᠯᠦᠭᠯᠡᠯ ᠤᠨ ᠬᠤᠪᠢ

ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠨᠵᠧᠨ ᠬᠤᠲᠠ ᠶᠢᠨ ᠹᠧᠢ ᠱᠠᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠯᠡ ᠤᠷᠤᠭᠤᠯᠤᠯᠳᠠ

 ᠶᠢᠨ ᠬᠡᠯᠡᠯᠴᠡᠬᠡᠷ ᠲᠤᠬᠳᠠᠵᠤ᠂ ᠭᠡᠷ᠎ᠡ ᠲᠣᠭᠲᠠᠭᠰᠠᠨ ᠪᠡᠯᠨ ᠮᠦᠩᠬᠦ 5.56 ᠳ᠋ᠦᠩᠰᠢᠭᠤᠷ ᠲᠥᠭᠦᠷᠢᠭ ᠲᠤ ᠬᠦᠷᠪᠠ︔ ᠱᠧᠨᠵᠧᠨ ᠬᠤᠳᠠ ᠶᠢᠨ  ᠴᠢᠩ ᠯᠠᠨ ᠱᠢ 

ᠳ᠋ᠠᠢ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠨᠵᠧᠨ ᠬᠤᠳᠠ ᠶᠢᠨ ᠠᠭᠠᠷ ᠤᠨ ᠠᠶᠠᠯᠠᠯ ᠤᠨ ᠡᠨᠧᠷᠭᠢ ᠶᠢᠨ

ᠤᠰᠤᠲᠥ᠋ᠷᠥᠭᠴᠢ ᠠᠯᠺᠣᠣᠯ ᠤᠨ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ

ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ  ᠰᠡᠴᠡᠩᠭᠤᠸ᠎ᠠ᠂

ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠴᠢᠩ ᠯᠠᠢ ᠬᠤᠷᠠᠯ ᠳᠤ  ᠤᠷᠤᠯᠴᠠᠪᠠ᠃

      10 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠰᠢᠭᠤᠨ ᠤ ᠳᠥᠷᠪᠡᠨ ᠶᠡᠭᠡ ᠪᠠᠭ ᠤᠨ

ᠤᠳᠤᠷᠢᠳᠤᠯᠭ᠎ᠠ ᠪᠠᠨ ᠳᠠᠭᠠᠭᠤᠯᠤᠨ ᠪᠤᠭᠤᠲᠤ ᠬᠤᠲᠠ ᠳᠤ ᠬᠦᠷᠴᠦ  ᠪᠠᠶᠢᠴᠠᠭᠠᠨ ᠰᠤᠳᠤᠯᠤᠯᠳᠠ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ᠂ 

ᠵᠠᠰᠠᠭ ᠤᠨ ᠣᠷᠳᠣᠨ ᠤ ᠳᠡᠳ᠋  ᠬᠤᠰᠢᠭᠤᠨ ᠳᠠᠷᠤᠭ᠎ᠠ ᠶᠠᠩ ᠰᠢᠦᠢ ᠣᠷᠣᠯᠴᠠᠪᠠ᠃

      10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ

ᠬᠤᠷᠢᠶᠠᠨ ᠤ ᠪᠠᠶᠢᠩᠭᠤ ᠶᠢᠨ ᠬᠤᠷᠠᠯ ᠤᠨ 98 ᠳ᠋ᠤᠭᠠᠷ ᠤᠳᠠᠭᠠᠨ ᠤ ᠬᠤᠷᠠᠯ ᠵᠢᠴᠢ ︽  ᠭᠤᠷᠪᠠᠨ ᠤᠮᠠᠷᠠᠳᠤ︾  ᠶᠢᠨ ᠭᠤᠣᠯᠳᠠᠯᠭ᠎ᠠ ᠲᠠᠢ ᠠᠮᠢ ᠠᠬᠤᠢ ᠶᠢᠨ

ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠬᠤᠷᠠᠯᠳᠤᠪᠠ᠃     

      10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ

ᠤᠷᠠᠳ ᠤᠨ ᠬᠤᠶᠢᠲᠤ ᠬᠤᠰᠢᠭᠤᠨ  ᠤ ᠰᠠᠯᠪᠤᠷᠢ ᠰᠤᠷᠭᠠᠭᠤᠯᠢ ᠤᠨ ᠵᠢᠭᠠᠨ ᠰᠤᠷᠭᠠᠬᠤ ᠲᠤᠷᠰᠢᠯᠳᠠ ᠶᠢᠨ ᠠᠰᠠᠷ ᠤᠨ ᠲᠤᠬᠠᠢ ᠶᠢᠨ ᠲᠠᠯᠠᠪᠠᠶ  ᠳᠤ ᠪᠠᠶᠢᠴᠠᠭᠠᠨ

ᠰᠤᠳᠤᠯᠤᠯᠳᠠ ᠬᠢᠨ᠂  ᠰᠠᠨᠠᠯ ᠰᠠᠨᠠᠭᠤᠯᠭ᠎ᠠ ᠲᠤᠷᠠᠳᠴᠤ᠂ ᠬᠦᠭᠵᠢᠯᠳᠠ ᠶᠢᠨ ᠠᠬᠢᠴᠠ ᠶᠢ ᠠᠳᠬᠤᠪᠠ᠃

      10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ  ᠨᠠᠷᠠᠨ ᠭᠤᠤ ᠶᠢᠨ ᠤᠰᠤ ᠲᠠᠲᠠᠵᠤ ᠡᠨᠧᠷᠭᠢ

ᠬᠠᠳᠠᠭᠠᠯᠠᠬᠤ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂  ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ

ᠪᠣᠯᠣᠨ ᠠᠰᠠᠭᠤᠳᠠᠯ ᠢ ᠰᠤᠳᠤᠯᠤᠨ ᠰᠢᠢᠳᠪᠤᠷᠢᠯᠠᠪᠠ᠃

      10 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ  ᠲᠡᠳ᠋ ᠳᠠᠷᠤᠭ᠎ᠠ ᠵᠠᠩ ᠭᠤᠸᠠᠩ ᠱᠣᠸ ᠨᠠᠷ ᠤᠷᠠᠳ ᠤᠨ ᠬᠤᠶᠢᠲᠤ ᠬᠤᠰᠢᠭᠤᠨ ᠤ ᠬᠢᠮᠢ ᠶᠢᠨ

ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ

 ᠢ  ᠪᠠᠶᠢᠴᠠᠭᠠᠨ ᠰᠤᠳᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠤᠤ ᠪᠠᠶᠢᠴᠠᠭᠠᠯᠳᠠ ᠳᠤ ᠤᠷᠤᠯᠴᠠᠪᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ