ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠶᠢ ᠲᠤᠰᠬᠠᠢ ᠴᠡᠭᠴᠡᠯᠡᠨ ᠵᠠᠰᠠᠨ᠎ᠠ
  
2023/12/1
    

         ᠣᠶᠢᠷ᠎ᠠ ᠳᠤ᠂ ᠤᠯᠤᠰ ᠤᠨ ᠷᠠᠳᠢᠣ᠋ ᠲᠧᠯᠸᠢᠰ ᠤᠨ

ᠶᠡᠷᠦᠩᠬᠡᠢ ᠲᠣᠪᠴᠢᠶ᠎ᠠ ᠠᠴᠠ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠶᠠᠮᠤᠨ᠂ ᠤᠯᠤᠰ ᠤᠨ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ᠂

ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠪᠠ

ᠠᠵᠢᠯᠯᠠᠭᠤᠯᠵᠤ ᠲᠣᠬᠢᠷᠠᠭᠤᠯᠬᠤ ᠳᠤ ᠪᠤᠳᠤᠯᠢᠶᠠᠨᠲᠠᠢ

ᠪᠠᠶᠢᠭ᠎ᠠ ᠠᠰᠠᠭᠤᠳᠠᠯ ᠢ ᠴᠡᠭᠴᠡᠯᠡᠬᠦ ᠲᠤᠬᠠᠢ ᠳᠠᠶᠢᠴᠢᠯᠠᠯᠲᠠ

ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ᠃

ᠬᠤᠷᠠᠯ ᠠᠴᠠ᠂ ᠡᠨᠡ ᠵᠢᠯ ᠤᠨ ᠡᠴᠦᠰ ᠠᠴᠠ ᠡᠮᠦᠨ᠎ᠡ

ᠲᠤᠷᠰᠢᠯᠲᠠ ᠶᠢᠨ ᠠᠵᠢᠯ ᠪᠠ ᠲᠤᠰᠬᠠᠢ ᠴᠡᠭᠴᠡᠯᠡᠨ ᠵᠠᠰᠠᠬᠤ ᠠᠵᠢᠯ

ᠥᠷᠨᠢᠭᠦᠯᠵᠦ᠂ 《ᠰᠦᠢᠳᠬᠡᠯ ᠬᠤᠷᠢᠶᠠᠬᠤ ᠬᠡᠯᠪᠡᠷᠢ ᠣᠯᠠᠨ᠂

ᠰᠦᠢᠳᠬᠡᠯ ᠬᠤᠷᠢᠶᠠᠬᠤ ᠭᠤᠣᠯ ᠴᠣᠭᠴᠠ ᠣᠯᠠᠨ᠂ ᠰᠦᠢᠳᠬᠡᠯ

ᠬᠤᠷᠢᠶᠠᠬᠤ ᠨᠢ ᠢᠯᠡ ᠲᠣᠳᠣ ᠦᠭᠡᠢ》 ᠪᠠᠶᠢᠬᠤ ᠠᠰᠠᠭᠤᠳᠠᠯ ᠢ

ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂

ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ

ᠦᠵᠡᠭᠳᠡᠯ ᠢ ᠢᠯᠡᠳᠲᠡ ᠬᠤᠪᠢᠷᠠᠭᠤᠯᠬᠤ ᠬᠡᠷᠡᠭᠲᠡᠢ ᠭᠡᠵᠡᠢ᠃

ᠬᠡᠷᠡᠭᠯᠡᠭᠴᠢᠳ ᠤᠨ ᠲᠠᠭᠠᠯᠠᠮᠵᠢᠲᠠᠢ ᠪᠠᠷ ᠲᠧᠯᠸᠢᠰ

ᠦᠵᠡᠬᠦ ᠶᠢ ᠠᠬᠢᠭᠤᠯᠬᠤ᠂ ᠤᠲᠠᠰᠤᠲᠤ ᠲᠧᠯᠸᠢᠰ ᠪᠠ IPTV

ᠲᠧᠯᠸᠢᠰ ᠢᠶᠠᠨ ᠨᠡᠭᠡᠭᠡᠮᠡᠭᠴᠡ ᠰᠢᠭᠤᠳ ᠲᠧᠯᠸᠢᠰ ᠰᠤᠪᠠᠭ ᠲᠤ

ᠣᠷᠣᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ

ᠭᠡᠵᠦ ᠱᠠᠭᠠᠷᠳᠠᠵᠠᠢ᠃    

 

 

       