ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ
ᠨᠡᠶᠢᠲᠡᠯᠡᠭᠰᠡᠨ ᠴᠠᠭ᠄
2023/12/1

 

      ᠨᠢᠭᠡ᠂ ᠣᠷᠣᠨ ᠲᠤᠭ᠎ᠠ ᠶᠢᠨ ᠵᠣᠷᠢᠯᠭ᠎ᠠ

     ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ

ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ

᠂ ᠭᠡᠨᠡᠳᠲᠡ ᠶᠢᠨ ᠬᠡᠷᠡᠭ ᠠᠴᠠ ᠪᠣᠯᠤᠭᠰᠠᠨ ᠨᠡᠶᠢᠭᠡᠮ ᠤᠨ ᠬᠤᠣᠷ ᠬᠥᠨᠥᠭᠡᠯ ᠢ ᠬᠢᠵᠠᠭᠠᠷᠯᠠᠬᠤ᠂ ᠪᠠᠭᠠᠰᠬᠠᠬᠤ ᠪᠠ ᠠᠷᠢᠯᠭᠠᠬᠤ᠂ ᠭᠡᠨᠡᠳᠲᠡ ᠶᠢᠨ ᠬᠡᠷᠡᠭ ᠢ ᠠᠷᠭᠠᠴᠠᠬᠤ

ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ

ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ

ᠠᠷᠭᠠᠴᠠᠬᠤ ᠬᠠᠮᠢᠶᠠᠷᠤᠯᠲᠠ ᠶᠢᠨ ᠰᠠᠭᠤᠷᠢ ᠠᠵᠢᠯ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ

ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠣᠯᠠᠨ ᠨᠡᠶᠢᠲᠡ ᠶᠢᠨ ᠬᠡᠷᠡᠭ ᠡᠭᠦᠰᠬᠦ ᠶᠢ ᠰᠡᠷᠭᠡᠶᠢᠯᠡᠨ ᠬᠢᠵᠠᠭᠠᠷᠯᠠᠵᠤ᠂ ᠡᠭᠦᠰᠴᠦ ᠮᠡᠳᠡᠬᠦ ᠭᠡᠨᠡᠳᠲᠡ ᠶᠢᠨ ᠬᠡᠷᠡᠭ ᠢ

ᠦᠳᠲᠡᠷ ᠲᠦᠷᠭᠡᠨ᠂ ᠪᠦᠲᠦᠮᠵᠢᠲᠡᠶ ᠪᠠᠷ ᠬᠢᠵᠠᠭᠠᠷᠯᠠᠨ ᠰᠢᠢᠳᠪᠦᠷᠢᠯᠡᠵᠦ᠂ ᠠᠷᠠᠳ ᠲᠦᠮᠡᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠨ᠂ ᠡ᠊ᠨᠳᠡᠯ ᠤᠨ ᠭᠠᠢ

ᠭᠠᠮᠰᠢᠭ ᠠᠴᠠ ᠪᠣᠯᠤᠭᠰᠠᠨ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠡᠨᠡᠳᠲᠡ ᠶᠢᠨ

ᠬᠡᠷᠡᠭ ᠠᠴᠠ ᠪᠣᠯᠤᠭᠰᠠᠨ ᠬᠤᠬᠢᠷᠠᠯ ᠢ ᠪᠠᠭᠠᠰᠬᠠᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ

ᠲᠣᠭᠲᠠᠭᠤᠨ ᠪᠠᠶᠢᠳᠠᠯ ᠢ ᠬᠠᠮᠠᠭᠠᠯᠠᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ

ᠨᠡᠶᠢᠭᠡᠮ ᠢ ᠪᠠᠶᠢᠭᠤᠯᠤᠨ᠎ᠠ᠃ ︽ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠵᠡᠷᠭᠡᠪᠡᠷ ᠴᠢᠬᠤᠯᠠᠴᠢᠯᠠᠬᠤ︾ ᠵᠠᠷᠴᠢᠮ ᠶᠣᠰᠣᠭᠠᠷ᠂ ᠲᠣᠰ

ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠢ  ᠲᠤᠬᠳᠠᠭᠠᠪᠠ᠃

      ᠬᠤᠶᠠᠷ᠂ ᠣᠷᠣᠨ ᠲᠣᠭᠠᠨ  ᠤ ᠦᠨᠳᠦᠰᠦᠯᠡᠯ

     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠭᠡᠨᠡᠳᠲᠡ ᠶᠢᠨ ᠬᠡᠷᠡᠭ ᠤᠨ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ

ᠶᠡᠷᠦᠩᠬᠡᠢ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ

︾ ︽ᠪᠠᠶᠠᠨᠨᠠᠭᠤᠷ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ

ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠣᠨᠴᠠᠯᠢᠭ ᠲᠤ ᠴᠢᠭᠯᠡᠭᠦᠯᠦᠨ᠂ ᠲᠤᠰ

ᠲᠥᠰᠥᠯ ᠢ ᠲᠣᠭᠲᠠᠭᠠᠪᠠ᠃

      ᠭᠤᠷᠪᠠ᠂ ᠬᠡᠷᠡᠭᠯᠡᠬᠦ ᠬᠡᠪᠴᠢᠶ᠎ᠡ

     ︽ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠪᠣᠯ ᠤᠷᠠᠳ ᠤᠨ ᠬᠤᠶᠢᠲᠤ

ᠬᠤᠰᠢᠭᠤᠨ ᠤ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠶᠡᠷᠦᠩᠬᠡᠢ ᠬᠥᠲᠥᠯᠪᠦᠷᠢ ᠪᠣᠯᠣᠨ᠎ᠠ᠃ ᠤᠷᠠᠳ ᠤᠨ ᠬᠤᠶᠢᠲᠤ ᠬᠤᠰᠢᠭᠤᠨ ᠤ

ᠵᠠᠰᠠᠭ ᠵᠠᠬᠢᠷᠭᠠᠨ ᠤ ᠣᠷᠣᠨ ᠳᠤ ᠡᠭᠦᠰᠦᠭᠰᠡᠨ ᠵᠢᠴᠢ ᠪᠤᠰᠤᠳ ᠣᠷᠣᠨ ᠳᠤ ᠤᠷᠠᠳ ᠤᠨ ᠬᠤᠶᠢᠲᠤ ᠬᠤᠰᠢᠭᠤᠨ ᠳᠤ ᠡᠭᠦᠰᠦᠭᠰᠡᠨ ᠭᠡᠨᠡᠳᠲᠡ ᠶᠢᠨ ᠬᠡᠷᠡᠭ ᠤᠨ

ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ

ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠡᠬᠢ ᠪᠠᠶᠠᠯᠢᠭ ᠢ ᠪᠠᠲᠤᠯᠠᠬᠤ ᠵᠢᠴᠢ ᠰᠡᠷᠭᠦᠭᠡᠨ ᠳᠠᠬᠢᠨ ᠪᠠᠶᠢᠭᠤᠯᠬᠤ ᠵᠡᠷᠭᠡ ᠠᠵᠢᠯ ᠢ ᠵᠢᠯᠤᠭᠤᠳᠬᠤ ᠳᠤ

ᠬᠡᠷᠡᠭᠯᠡᠨ᠎ᠡ᠃

      ᠳᠥᠷᠪᠡ᠂ ᠭᠤᠣᠯ ᠠᠭᠤᠯᠭ᠎ᠠ

     ︽ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠨᠢ 8 ᠬᠡᠰᠡᠭ 54 ᠵᠦᠢᠯ ᠤᠨ

ᠪᠣᠳᠠᠲᠠᠢ ᠠᠷᠭ᠎ᠠ ᠬᠡᠮᠵᠢᠶ᠎ᠡ ᠪᠠ 1 ᠳᠠᠭᠠᠯᠳᠤᠭᠤᠯᠤᠯ ᠢᠶᠠᠷ ᠪᠦᠷᠢᠯᠳᠦᠵᠡᠢ᠃

     ᠨᠢᠭᠡᠳᠦᠭᠡᠷ ᠬᠡᠰᠡᠭ᠄ ᠶᠡᠷᠦᠩᠬᠡᠢ ᠳᠦᠷᠢᠮ ᠃ ᠭᠤᠣᠯᠳᠠᠭᠤ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ ᠤᠨ ᠲᠤᠬᠠᠢ

ᠲᠣᠳᠣᠷᠬᠠᠶᠢᠯᠠᠯᠲᠠ ᠬᠢᠭᠰᠡᠨ ᠪᠥᠭᠡᠳ ᠭᠡᠨᠡᠳᠲᠡ ᠶᠢᠨ ᠬᠡᠷᠡᠭ ᠤᠨ ᠠᠩᠭᠢᠯᠠᠯ᠂ ᠪᠡᠯᠡᠳᠬᠡᠯ ᠲᠥᠰᠥᠯ ᠢ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠪᠠ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ ᠤᠨ ᠪᠦᠷᠢᠯᠳᠦᠯ ᠢ ᠲᠣᠭᠲᠠᠭᠠᠵᠠᠢ᠃

     ᠬᠤᠶᠠᠳᠤᠭᠠᠷ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮᠵᠢ᠃ ᠡᠭᠦᠨ ᠳᠤ ᠭᠤᠣᠯᠳᠠᠭᠤ ᠭᠡᠨᠡᠳᠲᠡ ᠶᠢᠨ ᠬᠡᠷᠡᠭ ᠢ ᠠᠷᠭᠠᠴᠠᠬᠤ

ᠨᠠᠮ ᠤᠨ ᠡᠭᠦᠷ ᠤᠨ ᠪᠠᠶᠢᠭᠤᠯᠤᠮᠵᠢ ᠶᠢᠨ ᠪᠦᠷᠢᠯᠳᠦᠯ ᠪᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠵᠠᠢ᠃

     ᠭᠤᠷᠪᠠᠳᠤᠭᠠᠷ ᠬᠡᠰᠡᠭ᠄ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠎ᠡ᠃ ᠡᠭᠦᠨ ᠳᠤ ᠭᠤᠣᠯᠳᠠᠭᠤ

ᠭᠡᠨᠡᠳᠲᠡ ᠶᠢᠨ ᠬᠡᠷᠡᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠭᠡᠨᠡᠳᠲᠡ ᠶᠢᠨ ᠬᠡᠷᠡᠭ ᠤᠨ ᠠᠶᠤᠯ ᠲᠦᠭᠰᠢᠭᠦᠷᠢ ᠶᠢ ᠬᠢᠨᠠᠨ ᠬᠡᠮᠵᠢᠬᠦ ᠠᠷᠭ᠎ᠠ

ᠬᠡᠮᠵᠢᠶ᠎ᠡ ᠶᠢ ᠲᠣᠭᠲᠠᠭᠠᠭᠰᠠᠨ ᠪᠥᠭᠡᠳ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠲᠡᠰ᠂ ᠴᠤᠪᠤᠷᠠᠯ ᠪᠠ ᠠᠷᠭ᠎ᠠ ᠶᠢ ᠲᠣᠳᠣᠷᠬᠠᠶᠢᠯᠠᠪᠠ᠃

     ᠳᠥᠷᠪᠡᠳᠦᠭᠡᠷ ᠬᠡᠰᠡᠭ᠄ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠃ ᠡᠭᠦᠨ ᠳᠤ ᠭᠤᠣᠯᠳᠠᠭᠤ ᠭᠡᠨᠡᠳᠲᠡ ᠶᠢᠨ ᠬᠡᠷᠡᠭ ᠭᠠᠷᠤᠭᠰᠠᠨ ᠪᠤᠶᠤ ᠬᠦᠨᠳᠦ ᠶᠡᠭᠡ

ᠠᠶᠤᠯ ᠲᠦᠭᠰᠢᠭᠦᠷᠢ ᠶᠢᠨ ᠲᠡᠯᠳᠠ ᠭᠡᠮ ᠢ ᠣᠯᠵᠤ ᠮᠡᠳᠡᠭᠰᠡᠨ ᠤ ᠲᠡᠷᠠᠭ᠎ᠠ ᠠᠷᠭᠠᠴᠠᠨ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠠᠢ᠃

      ᠲᠠᠪᠤᠳᠤᠭᠠᠷ ᠬᠡᠰᠡᠭ᠄ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠃ ᠡᠭᠦᠨ ᠳᠤ ᠭᠤᠣᠯᠳᠠᠭᠤ ᠭᠡᠨᠡᠳᠲᠡ ᠶᠢᠨ ᠬᠡᠷᠡᠭ ᠳᠠᠭᠤᠰᠤᠭᠰᠠᠨ ᠤ ᠳᠠᠷᠠᠭ᠎ᠠ᠂

ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠥᠮᠥᠰ ᠢ ᠲᠥᠪᠬᠢᠨᠡᠭᠦᠯᠬᠦ᠂ ᠰᠢᠷᠬᠠᠲᠤᠭᠰᠠᠨ ᠬᠥᠮᠥᠰ ᠢ ᠠᠰᠠᠷᠠᠬᠤ᠂

ᠠᠮᠢᠳᠤᠷᠠᠯ ᠤᠨ ᠦᠨᠳᠦᠰᠦᠨ ᠬᠦᠴᠢᠷᠳᠡᠯ ᠢ ᠠᠪᠤᠷᠠᠨ ᠲᠤᠰᠠᠯᠠᠬᠤ᠂ ᠲᠠᠲᠠᠪᠤᠷᠢᠯᠠᠨ ᠬᠡᠷᠡᠭᠯᠡᠬᠦ ᠨᠥᠬᠦᠪᠦᠷᠢ᠂ ᠠᠪᠤᠷᠠᠨ ᠲᠤᠰᠠᠯᠠᠬᠤ ᠪᠡᠯᠡ ᠮᠥᠩᠭᠦ ᠪᠠ ᠡᠳ᠋ ᠪᠣᠳᠠᠰ ᠢ

ᠲᠣᠬᠢᠷᠠᠭᠤᠯᠬᠤ᠂ ᠬᠤᠯᠪᠣᠭᠳᠠᠯ ᠪᠦᠬᠦᠢ ᠳᠠᠭᠠᠳᠬᠠᠯ ᠤᠨ ᠲᠥᠯᠥᠪᠦᠷᠢ ᠥᠭᠬᠦ᠂ ᠤᠯᠠᠨ ᠨᠡᠶᠢᠲᠡ ᠶᠢᠨ ᠰᠡᠳᠬᠢᠴᠡ ᠶᠢ ᠨᠥᠯᠥᠭᠡᠯᠡᠬᠦ᠂ ᠰᠡᠷᠭᠦᠭᠡᠨ ᠲᠠᠬᠢᠨ ᠪᠠᠶᠢᠭᠤᠯᠬᠤ

ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠠᠢ᠃

     ᠵᠢᠷᠭᠤᠳᠤᠭᠠᠷ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ ᠡᠭᠦᠨ ᠳᠤ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ

ᠬᠦᠴᠦᠨ᠂ ᠪᠠᠴᠢᠮ ᠪᠠᠶᠢᠳᠠᠯ ᠢ ᠠᠷᠭᠠᠴᠠᠬᠤ ᠡᠳ᠋ ᠤᠨ ᠬᠦᠴᠦᠨ ᠤ ᠪᠠᠲᠤᠯᠠᠭ᠎ᠠ᠂ ᠡᠳ᠋ ᠪᠣᠳᠠᠰ ᠲᠣᠨᠣᠭᠯᠠᠯ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ

ᠪᠠᠲᠤᠯᠠᠭ᠎ᠠ᠂ ᠵᠠᠮ ᠲᠡᠭᠡᠭᠡᠪᠦᠷᠢ ᠶᠢᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠲᠤᠯᠠᠭ᠎ᠠ᠂ ᠠᠶᠤᠯ ᠠᠴᠠ ᠵᠠᠶᠢᠯᠠᠬᠤ ᠲᠠᠯᠠᠪᠤᠷ ᠤᠨ

ᠪᠠᠲᠤᠯᠠᠭ᠎ᠠ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠠᠲᠤᠯᠠᠭ᠎ᠠ᠂ ᠰᠠᠭᠤᠷᠢ ᠮᠡᠳᠡᠭᠡ ᠵᠠᠩᠭᠢ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ

ᠬᠡᠷᠡᠭᠯᠡᠭᠡᠨ ᠤ ᠪᠠᠲᠤᠯᠠᠭ᠎ᠠ᠂ ᠮᠡᠳᠡᠭᠡ ᠬᠤᠯᠪᠣᠭ᠎ᠠ ᠪᠣᠯᠣᠨ ᠮᠡᠳᠡᠭᠡ ᠵᠠᠩᠭᠢ ᠶᠢᠨ ᠪᠠᠲᠤᠯᠠᠭ᠎ᠠ ᠵᠢᠴᠢ ᠬᠠᠤᠯᠢ ᠪᠠᠷ ᠵᠠᠰᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ

ᠲᠣᠭᠲᠠᠭᠠᠵᠠᠢ᠃

     ᠳᠣᠯᠣᠳᠤᠭᠠᠷ ᠬᠡᠰᠡᠭ᠄ ᠪᠡᠯᠡᠳᠬᠡᠯ ᠲᠥᠰᠥᠯ ᠤᠨ ᠬᠠᠮᠢᠶᠠᠷᠤᠯᠲᠠ᠃ ᠡᠭᠦᠨ ᠳᠤ ᠭᠤᠣᠯᠳᠠᠭᠤ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ

ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠰᠣᠷᠢᠯᠲᠠ ᠬᠢᠬᠦ᠂ ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ᠂

ᠤᠬᠠᠭᠤᠯᠤᠨ ᠪᠣᠯᠪᠠᠰᠤᠷᠠᠭᠤᠯᠬᠤ ᠵᠢᠴᠢ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠠᠢ᠃

     ᠨᠠᠢᠮᠠᠳᠤᠭᠠᠷ ᠬᠡᠰᠡᠭ᠄ ᠳᠠᠭᠠᠯᠳᠤᠭᠤᠯᠤᠭᠰᠠᠨ ᠳᠦᠷᠢᠮ᠃  ᠪᠡᠯᠡᠳᠬᠡᠯ ᠲᠥᠰᠥᠯ ᠤᠨ ᠲᠠᠶᠢᠯᠪᠤᠷᠢᠯᠠᠯᠲᠠ ᠪᠠ ᠬᠡᠷᠡᠭᠵᠢᠭᠦᠯᠬᠦ ᠲᠣᠭᠲᠠᠭᠠᠯ ᠢ ᠲᠣᠳᠣᠷᠬᠠᠶᠢᠯᠠᠪᠠ᠃

      ᠳᠠᠭᠠᠯᠳᠤᠭᠤᠯᠤᠯ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠣᠷᠣ ᠲᠥᠯᠥᠪ ᠢ ᠲᠠᠨᠢᠯᠴᠠᠭᠤᠯᠵᠤ᠂ ᠡᠯ᠎ᠡ

ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠢ ᠲᠣᠳᠣᠷᠬᠠᠶᠢᠯᠠᠨ᠂

ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠤᠪᠤᠷᠠᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ

ᠰᠣᠷᠢᠯᠲᠠ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠪᠠ᠃

      ᠲᠠᠪᠤ᠂ ᠲᠠᠶᠢᠯᠪᠤᠷᠢᠯᠠᠬᠤ ᠬᠡᠯᠪᠡᠷᠢ

      ︽ᠤᠷᠠᠳ ᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠳᠤ ᠡᠬᠡ ᠪᠢᠴᠢᠭ ᠤᠨ

ᠬᠡᠯᠪᠡᠷᠢ ᠪᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃

      ᠵᠢᠷᠭᠤᠭ᠎ᠠ᠂ ᠲᠠᠶᠢᠯᠪᠤᠷᠢᠯᠠᠬᠤ ᠠᠷᠭ᠎ᠠ ᠵᠠᠮ

      ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠲᠠᠶᠢᠯᠤᠮᠵᠢ ᠬᠢᠨ᠎ᠡ᠃  

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ