ᠤᠷᠠᠳ ᠤᠨ ᠬᠤᠶᠢᠳᠤ ᠬᠤᠰᠢᠭᠤᠨ ᠤ ᠬᠤᠲᠠ ᠬᠥᠳᠡᠭᠡ  ᠶᠢᠨ ᠵᠠᠷᠢᠮ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ  ᠶᠢᠨ ᠳᠠᠭᠠᠳᠬᠠᠯ  ᠤᠨ ᠵᠠᠷᠤᠳᠠᠯ  ᠢ ᠪᠤᠴᠠᠭᠠᠬᠤ ᠲᠤᠬᠠᠢ ᠮᠡᠳᠡᠭᠳᠠᠯ
ᠨᠡᠶᠢᠲᠡᠯᠡᠭᠰᠡᠨ ᠴᠠᠭ᠄
2023/12/19

 

        ᠤᠷᠠᠳ ᠤᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠳ ᠲᠤ᠄

        2024 ᠣᠨ ᠤ ᠤᠷᠠᠳ ᠤᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠨᠢᠭᠡᠨᠲᠡ

ᠲᠤᠰᠢᠶᠠᠭᠰᠠᠨ ᠳᠠᠭᠠᠳᠬᠠᠯ ᠳᠤ ᠣᠷᠣᠯᠴᠠᠭᠰᠠᠳ ᠤᠨ ᠳᠣᠲᠣᠷ᠎ᠠ᠂  ᠨᠢᠭᠡᠨᠲᠡ ᠨᠠᠰᠤ ᠨᠦᠭᠴᠢᠭᠰᠡᠨ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠭᠰᠠᠨ ᠪᠤᠶᠤ

ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠠᠴᠠ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠰᠢᠯᠵᠢᠭᠦᠯᠦᠨ ᠣᠷᠣᠭᠤᠯᠤᠭᠰᠠᠨ

ᠪᠠᠶᠢᠳᠠᠯ ᠣᠷᠣᠰᠢᠵᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠤᠴᠠᠭᠠᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠨ᠎ᠠ᠃ ᠳᠠᠭᠠᠳᠬᠠᠯ ᠳᠤ

ᠣᠷᠣᠯᠴᠠᠭᠰᠠᠨ ᠥᠷᠭᠡᠨ ᠣᠯᠠᠨ ᠲᠦᠮᠡᠨ ᠤ ᠠᠰᠢᠭ ᠲᠤᠰᠠ ᠶᠢ ᠦᠨᠡᠨᠬᠦ ᠬᠠᠮᠠᠭᠠᠯᠠᠬᠤ ᠶᠢᠨ ᠲᠥᠯᠥᠭᠡ᠂ ᠰᠦᠢᠳᠬᠡᠯ ᠢ ᠪᠤᠴᠠᠭᠠᠬᠤ ᠠᠵᠢᠯ ᠤᠨ ᠤᠷᠤᠭᠰᠢᠲᠠᠢ

ᠶᠠᠪᠤᠭᠳᠠᠬᠤ ᠶᠢ ᠪᠠᠲᠤᠯᠠᠵᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ

ᠬᠠᠮᠢᠶᠠᠷᠤᠯᠲᠠ ᠶᠢ ᠭᠠᠷᠲᠠᠨ ᠭᠦᠢᠴᠡᠳᠬᠡᠬᠦ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠢ ᠦᠨᠳᠦᠰᠦᠯᠡᠪᠡᠯ ︵ᠥᠪᠥᠷ

ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠪᠠ ᠪᠠᠶᠠᠨᠨᠠᠭᠤᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂

ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠶᠠᠨᠨᠠᠭᠤᠷ ᠬᠤᠲᠠ ᠶᠢᠨ ᠭᠠᠶᠢᠯᠢ ᠶᠢᠨ

ᠶᠠᠪᠤᠳᠠᠯ ᠤᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︵ᠪᠠᠶᠠᠨᠨᠠᠭᠤᠷ ᠬᠤᠲᠠ ᠶᠢᠨ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇2021﹈ 13 ᠳ᠋ᠤᠭᠠᠷ

ᠲᠣᠭᠠᠲᠤ︶ ᠤᠨ ᠵᠣᠷᠢᠭ ᠰᠠᠨᠠᠭ᠎ᠠ᠂ ᠡᠳᠦᠭᠡ ᠨᠢᠭᠡᠨᠲᠡ ᠤᠷᠠᠳ ᠤᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ

ᠳᠠᠭᠠᠳᠬᠠᠯ ᠳᠤ ᠣᠷᠣᠬᠤ ᠳᠤ ᠡᠷᠬᠡᠪᠰᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠤᠴᠠᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ

ᠮᠡᠳᠡᠭᠳᠡᠶ᠎ᠡ᠄

        ᠨᠢᠭᠡ᠂ ᠰᠦᠢᠳᠬᠡᠯ ᠪᠤᠴᠠᠭᠠᠬᠤ ᠳᠠᠭᠠᠳᠬᠠᠯ ᠳᠤ ᠣᠷᠣᠯᠴᠠᠭᠴᠢ 2024 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ

ᠰᠦᠢᠳᠬᠡᠯ ᠲᠤᠰᠢᠶᠠᠭᠰᠠᠨ ᠤ ᠳᠠᠷᠠᠭ᠎ᠠ᠂ 2024 ᠣᠨ ᠤ ᠣᠯᠭᠤᠮᠵᠢ ᠭᠥᠷᠳᠡᠬᠦ ᠬᠤᠭᠤᠴᠠᠭ᠎ᠠ ᠡᠬᠢᠯᠡᠬᠦ ᠠᠴᠠ ᠡᠮᠦᠨ᠎ᠡ᠂ ᠳᠠᠪᠬᠤᠷᠳᠠᠭᠤᠯᠤᠨ ᠰᠦᠢᠳᠬᠡᠯ

ᠲᠤᠰᠢᠶᠠᠭᠰᠠᠨ ᠠᠴᠠ ᠪᠣᠯᠵᠤ᠂ ᠦᠬᠦᠭᠰᠡᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠤᠶᠤ ᠪᠤᠰᠤᠳ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ

ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠰᠦᠢᠳᠬᠡᠯ ᠪᠤᠴᠠᠭᠠᠬᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠵᠤ

ᠪᠣᠯᠣᠨ᠎ᠠ᠃ ᠬᠠᠷᠠᠭᠠᠯᠵᠠᠯ ᠭᠥᠷᠳᠡᠬᠦ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠵᠠᠷᠴᠢᠮ ᠳᠡᠭᠡᠷ᠎ᠡ ᠪᠠᠨ ᠬᠤᠪᠢ ᠬᠥᠮᠥᠨ ᠤ ᠲᠤᠰᠢᠶᠠᠭᠰᠠᠨ ᠵᠠᠷᠤᠳᠠᠯ ᠢ ᠳᠠᠭᠢᠵᠤ

ᠪᠤᠴᠠᠭᠠᠬᠤ ᠦᠭᠡᠢ︔ ᠨᠢᠭᠡᠨᠲᠡ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠠᠷᠭ᠎ᠠ ᠵᠠᠮ ᠢᠶᠠᠷ ᠳᠡᠮᠵᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ

ᠨᠥᠬᠦᠪᠦᠷᠢ ᠶᠢ ᠭᠥᠷᠳᠡᠵᠦ ᠪᠠᠶᠢᠭ᠎ᠠ ᠲᠡᠩᠬᠡᠷᠡᠭᠦᠯᠦᠨ ᠲᠤᠰᠠᠯᠠᠬᠤ ᠡᠲᠡᠭᠡᠳ ᠨᠢ ᠳᠠᠭᠠᠳᠬᠠᠯ ᠳᠤ ᠣᠷᠣᠯᠴᠠᠭᠰᠠᠨ ᠬᠠᠷᠢᠴᠠᠭ᠎ᠠ ᠪᠠᠨ ᠵᠣᠭᠰᠤᠭᠠᠬᠤ ᠴᠢᠬᠤᠯᠠᠲᠠᠢ ᠪᠠᠶᠢᠭ᠎ᠠ

ᠭᠠᠵᠠᠷ ᠤᠨ ᠨᠥᠬᠦᠪᠦᠷᠢ ᠶᠢᠨ ᠠᠷᠭ᠎ᠠ ᠵᠠᠮ ᠢᠶᠠᠷ ᠳᠡᠮᠵᠢᠨ ᠰᠦᠢᠳᠬᠡᠯ ᠢᠶᠠᠨ ᠪᠤᠴᠠᠭᠠᠬᠤ ᠶᠢ ᠪᠡᠶᠡᠯᠡᠭᠦᠯᠦᠨ᠎ᠡ᠃

        ᠬᠤᠶᠠᠷ᠂ ᠳᠡᠭᠡᠷᠡᠬᠢ ᠰᠦᠢᠳᠬᠡᠯ ᠪᠤᠴᠠᠭᠠᠬᠤ ᠪᠠᠶᠢᠳᠠᠯ ᠳᠤ ᠨᠡᠶᠢᠴᠡᠬᠦ ᠰᠦᠢᠳᠬᠡᠯ ᠲᠤᠰᠢᠶᠠᠬᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠣᠰ

ᠬᠥᠮᠥᠨ ᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ ᠤᠨ ᠬᠠᠭᠤᠯᠪᠤᠷᠢ ᠪᠠ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠪᠠᠨ ᠲᠣᠰ ᠲᠣᠰ 2 ᠬᠤᠪᠢ ᠬᠠᠩᠭᠠᠵᠤ᠂

ᠦᠬᠦᠭᠰᠡᠳ ᠲᠤ ᠦᠬᠦᠭᠰᠡᠨ ᠭᠡᠷᠡᠴᠢ ᠶᠢᠨ ᠬᠠᠭᠤᠯᠪᠤᠷᠢ 2 ᠬᠤᠪᠢ᠂ ᠣᠷᠣᠯᠠᠭᠴᠢ ᠶᠢᠨ ᠪᠡᠶ᠎ᠡ ᠶᠢᠨ ᠦᠨᠡᠮᠯᠡᠯ ᠪᠠ ᠪᠠᠩᠬᠢ ᠶᠢᠨ ᠺᠠᠷᠲ ᠤᠨ ᠬᠠᠭᠤᠯᠪᠤᠷᠢ 2

ᠬᠤᠪᠢ ᠶᠢ ᠤᠷᠠᠳ ᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠷᠠᠭᠤᠨ ᠠᠯᠪᠠᠯᠠᠬᠤ ᠲᠣᠭᠤᠷᠢᠭ ︵ᠤᠤᠯ ᠤᠨ ᠤᠯᠤᠰ ᠤᠨ

ᠭᠠᠶᠢᠯᠢ ᠶᠢᠨ ᠶᠠᠪᠤᠳᠠᠯ ᠤᠨ ᠲᠣᠪᠴᠢᠶ᠎ᠠ︶ ᠳᠤ ᠬᠦᠷᠭᠡᠵᠦ ᠰᠦᠢᠳᠬᠡᠯ ᠪᠤᠴᠠᠭᠠᠬᠤ ᠳᠠᠩᠰᠠᠯᠠᠯᠲᠠ ᠬᠢᠯᠭᠡᠨ᠎ᠡ᠃

        ᠵᠠᠷᠤᠳᠠᠯ ᠪᠤᠴᠠᠭᠠᠬᠤ ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠰᠠᠭᠤᠭᠠᠯᠢ ᠠᠷᠠᠳ ᠬᠠᠷᠢᠯᠴᠠᠨ ᠳᠠᠮᠵᠢᠭᠤᠯᠵᠤ᠂ ᠳᠠᠷᠤᠢ ᠲᠦᠷᠭᠡᠨ

ᠭᠦᠢᠴᠡᠳᠬᠡᠭᠡᠷᠡᠢ᠂ ᠬᠠᠷᠠᠭᠠᠯᠵᠠᠯ ᠭᠥᠷᠳᠡᠬᠦ ᠬᠤᠭᠤᠴᠠᠭ᠎ᠠ ︵2024 ᠣᠨ ᠤ 1 ᠰᠠᠷ᠎ᠠ ᠶᠢᠨ 1 ᠤ ᠡᠳᠦᠷ︶ ᠡᠬᠢᠯᠡᠭᠰᠡᠨ ᠤ ᠳᠠᠷᠠᠭ᠎ᠠ᠂ 2024 ᠣᠨ ᠵᠢᠴᠢ

ᠲᠡᠭᠦᠨ ᠠᠴᠠ ᠡᠮᠦᠨᠡᠬᠢ ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠤᠴᠠᠭᠠᠬᠤ ᠶᠢ

ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠂ ᠵᠥᠪᠬᠡᠨ ᠳᠠᠭᠠᠳᠬᠠᠯ ᠢ ᠨᠢ ᠵᠣᠭᠰᠣᠭᠠᠵᠤ ᠰᠢᠢᠳᠪᠦᠷᠢᠯᠡᠨ᠎ᠡ᠃

  

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ