ᠬᠤᠨᠢᠨ ᠠᠷᠠᠰᠤ ᠶᠢ ᠢᠳᠡᠭᠡᠨ ᠪᠤᠯᠭᠠᠬᠤ ᠠᠵᠢᠯ ᠢ ᠠᠬᠢᠭᠤᠯᠤᠨ᠎ᠠ
  
2023/12/28

        6 ᠰᠠᠷ᠎ᠠ ᠶᠢᠨ 26᠎ ᠤ ᠡᠳᠤᠷ᠂ ᠪᠥᠬᠦ ᠣᠷᠣᠨ ᠤ ᠬᠤᠨᠢᠨ

ᠠᠷᠠᠰᠤ ᠶᠢ ᠢᠳᠡᠭᠡᠨ ᠪᠤᠯᠭᠠᠬᠤ ᠠᠵᠢᠯ ᠤᠨ ᠲᠤᠬᠠᠶ ᠶᠢᠨ

ᠲᠠᠯᠠᠪᠠᠶ ᠶᠢᠨ ᠲᠣᠬᠢᠷᠠᠭᠤᠯᠤᠨ ᠠᠬᠢᠭᠤᠯᠬᠤ ᠬᠤᠷᠠᠯ

ᠪᠠᠶᠠᠨᠨᠠᠭᠤᠷ ᠬᠤᠲᠠ ᠳᠤ ᠬᠤᠷᠠᠯᠳᠤᠪᠠ᠃ ᠦᠢᠯᠠᠭᠠᠬᠰᠡᠨ ᠢᠶᠠᠷ᠂

ᠮᠠᠨ ᠤ ᠣᠷᠣᠨ 《ᠱᠠᠩᠨᠠᠬᠤ ᠪᠠᠷ ᠨᠥᠬᠦᠪᠥᠷᠢᠯᠡᠬᠦ ᠶᠢ

ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ

ᠨᠥᠬᠦᠪᠥᠷᠢᠯᠡᠬᠦ》 ᠠᠷᠭ᠎ᠠ ᠪᠠᠷ ᠳᠠᠮᠵᠢᠭᠤᠯᠤᠨ᠂ ᠬᠠᠮᠤᠬ ᠤᠨ

ᠤᠯᠠᠨ ᠳᠠᠭᠠᠨ ᠲᠥᠷᠥᠯ ᠵᠦᠢᠯ ᠤᠨ ᠪᠣᠳᠠᠲᠠᠶ ᠪᠡᠯᠡ

ᠣᠷᠣᠭᠤᠯᠤᠯᠲᠠ ᠶᠢ 30 %᠎ ᠪᠠᠷ ᠱᠠᠩᠨᠠᠯ ᠣᠯᠭᠤᠵᠤ᠂ ᠲᠠᠩ ᠭᠠᠭᠴᠠ

ᠠᠵᠤ ᠠᠬᠤᠶᠢᠯᠠᠯ ᠤᠨ ᠬᠠᠮᠤᠭ ᠤᠨ ᠥᠨᠳᠥᠷ ᠱᠠᠩᠨᠠᠯ

ᠨᠥᠬᠦᠪᠥᠷᠢ ᠶᠢ 300 ᠲᠦᠮᠡᠨ ᠲᠥᠭᠦᠷᠢᠭ ᠠᠴᠠ ᠬᠡᠲᠦᠷᠡᠭᠦᠯᠬᠦ

ᠥᠬᠡᠶ ᠪᠠᠷ ᠨᠥᠬᠦᠴᠡᠯ ᠳᠤ ᠨᠡᠶᠢᠴᠡᠬᠦ ᠠᠶᠢᠮᠠᠭ ᠬᠤᠲᠠ᠂ ᠠᠵᠤ

ᠠᠬᠤᠶᠢᠯᠠᠯ ᠤᠨ ᠬᠤᠨᠢᠨ ᠤ ᠠᠷᠠᠰᠤ ᠶᠢ ᠢᠳᠡᠭᠡᠨ ᠪᠤᠯᠭᠠᠬᠤ ᠶᠢ

ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ ᠭᠡᠵᠡᠢ᠃  

       ᠣᠳᠣᠬᠠᠨ ᠳᠤ᠂ ᠮᠠᠨ ᠤ ᠣᠷᠣᠨ ᠤ ᠠᠯᠠᠰᠢᠨ ᠬᠤᠨᠢ ᠲᠡᠵᠢᠭᠡᠨ

ᠦᠷᠡᠵᠢᠭᠦᠯᠵᠦ ᠪᠠᠶᠢᠭ᠎ᠠ ᠬᠡᠮᠵᠢᠶ᠎ᠡ 1.27 ᠳ᠋ᠦᠩᠰᠢᠭᠤᠷ ᠲᠤ

ᠬᠦᠷᠴᠦ᠂ ᠪᠥᠬᠦ ᠤᠯᠤᠰ ᠤᠨ 1/5᠎ ᠶᠢ ᠡᠵᠡᠯᠡᠵᠦ᠂ ᠬᠤᠨᠢᠨ

ᠠᠷᠠᠰᠤ ᠶᠢᠨ ᠵᠢᠯ ᠤᠨ ᠭᠠᠷᠤᠯᠲᠠ 2100 ᠲᠦᠮᠡ ᠣᠷᠴᠢᠮ ᠪᠠᠶᠢᠵᠤ᠂

ᠪᠥᠬᠦ ᠤᠯᠤᠰ ᠤᠨ ᠡᠮᠦᠨ᠎ᠡ 5᠎ ᠳᠤ ᠵᠢᠭᠰᠠᠭᠠᠭᠳᠠᠵᠤ ᠪᠠᠶᠢᠨ᠎ᠠ᠃

ᠬᠤᠨᠢᠨ ᠤ ᠠᠷᠠᠰᠤᠨ ᠢᠳᠡᠭᠡᠨ ᠤ ᠠᠵᠤ ᠦᠢᠯᠡᠰᠵᠢᠯᠳᠡ ᠶᠢᠨ

ᠠᠵᠢᠯ ᠢ ᠤᠯᠠᠮ ᠴᠢᠨᠠᠬᠰᠢᠲᠠ ᠠᠬᠢᠭᠤᠯᠬᠤ ᠶᠢᠨ ᠲᠤᠰᠠᠳᠠ᠂

ᠥᠪᠡᠷᠲᠡᠭᠡᠨ ᠵᠠᠰᠠᠬᠤ ᠣᠷᠣᠨ ︽ᠬᠤᠨᠢᠨ ᠤ ᠠᠷᠠᠰᠤ ᠶᠢ ᠢᠳᠡᠭᠡᠨ

ᠪᠣᠯᠭᠠᠬᠤ ᠲᠤᠷᠰᠢᠯᠲᠠ ᠶᠢᠨ ᠠᠵᠢᠯ ᠤᠨ ᠲᠥᠰᠦᠯ︾ ᠎ ᠢ

ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠢᠶᠠᠷ ᠲᠡᠳᠬᠦᠨ

ᠳᠡᠮᠵᠢᠬᠦ᠂ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ

ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠶᠠᠨᠨᠠᠭᠤᠷ ᠬᠤᠲᠠ

ᠪᠣᠯᠤᠨ ᠰᠢᠯᠢ ᠶᠢᠨ ᠭᠤᠤᠯ ᠠᠶᠢᠮᠠᠭ ᠤᠨ 5 ᠲᠤᠷᠰᠢᠯᠲᠠ ᠶᠢᠨ ᠠᠵᠤ

ᠠᠬᠤᠶᠢᠯᠠᠯ ᠳᠤ ᠬᠤᠨᠢᠨ ᠤ ᠠᠷᠠᠰᠤᠨ ᠢᠳᠡᠭᠡᠨ ᠢ ᠨᠡᠭᠡᠭᠡᠨ

ᠬᠥᠭᠵᠢᠭᠦᠯᠤᠨ ᠦᠢᠯᠡᠳᠪᠦᠷᠢᠯᠡᠵᠦ᠂ ᠡᠨᠡ ᠵᠢᠯ ᠵᠢᠱᠢᠯᠲᠡ ᠪᠠᠷ 20

ᠲᠦᠮᠡᠨ ᠬᠤᠨᠢᠨ ᠤ ᠠᠷᠠᠰᠤ ᠶᠢ ᠡᠳ᠋ᠰᠢᠭᠦᠯᠤᠨ ᠬᠤᠪᠢᠷᠠᠭᠤᠯᠵᠤ᠂

600 ᠲᠣᠨ ᠬᠤᠨᠢᠨ ᠤ ᠠᠷᠠᠰᠤᠨ ᠢᠳᠡᠭᠡᠨ ᠦᠢᠯᠡᠳᠪᠦᠷᠢᠯᠡᠵᠦ᠂

ᠦᠢᠯᠡᠳᠬᠦᠨ ᠤ ᠥᠷᠲᠡᠭ ᠨᠢ 1.4 ᠳ᠋ᠦᠩᠰᠢᠭᠤᠷ ᠲᠥᠭᠦᠷᠢᠭ ᠲᠤ

ᠬᠥᠷᠬᠦ ᠪᠣᠯᠤᠨ᠎ᠠ᠃    

 

 

     