ᠦᠶᠡᠷ ᠤᠰᠤᠳᠤᠯ ᠤᠨ ᠲᠠᠷᠠᠭ᠎ᠠ ᠠᠩᠬᠠᠷᠬᠤ ᠵᠦᠢᠯ
  
2023/12/28

   

      ᠰᠢᠷᠦᠭᠦᠨ ᠪᠣᠷᠣᠭᠠᠨ ᠣᠷᠣᠵᠤ ᠦᠶᠡᠷ ᠪᠠᠭᠤᠭᠰᠠᠨ ᠤ ᠲᠠᠷᠠᠭ᠎ᠠ

ᠳᠣᠣᠷᠠᠬᠢ ᠵᠦᠢᠯ ᠢ ᠠᠩᠬᠠᠷᠬᠤ ᠬᠡᠷᠡᠭᠲᠡᠢ᠃

      ᠨᠢᠭᠡ᠂ ᠭᠠᠵᠠᠷ ᠰᠢᠨᠵᠢᠯᠡᠭᠡᠨ ᠤ ᠭᠠᠢ ᠭᠠᠮᠰᠢᠭ ᠢ

ᠰᠡᠷᠭᠡᠶᠢᠯᠡᠬᠦ ᠬᠡᠷᠡᠭᠲᠡᠢ᠃ ᠰᠢᠪᠠᠷ ᠴᠢᠯᠠᠭᠤᠨ ᠤ ᠤᠷᠤᠰᠬᠠᠯ᠂

ᠭᠤᠯᠭᠤᠭ᠎ᠠ ᠪᠠᠯ ᠤᠨ ᠨᠤᠷᠠᠯᠲᠠ ᠵᠡᠷᠭᠡ  ᠶᠢᠨ ᠡᠭᠦᠰᠬᠦ ᠴᠠᠭ ᠨᠢ

ᠣᠬᠤᠷ᠂ ᠭᠡᠨᠡᠳᠲᠡ ᠶᠢᠨ ᠴᠢᠨᠠᠷ ᠪᠠ ᠡᠪᠳᠡᠯᠭᠡ ᠶᠢᠨ

ᠴᠢᠨᠠᠷ ᠢᠶᠠᠷ ᠴᠢᠩᠭ᠎ᠠ ᠪᠠᠶᠢᠳᠠᠭ᠃

       ᠬᠤᠶᠠᠷ᠂ ᠢᠳᠡᠭᠡᠨ ᠳᠤ ᠬᠤᠣᠷᠳᠠᠭᠳᠠᠬᠤ ᠠᠴᠠ

ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂

ᠢᠳᠡᠭᠡᠨ ᠳᠤ ᠬᠤᠣᠷᠳᠠᠭᠳᠠᠬᠤ ᠨᠢ ᠤᠯᠠᠨ ᠨᠡᠶᠢᠲᠡ  ᠶᠢᠨ ᠠᠮᠤᠷ

ᠲᠦᠪᠰᠢᠨ ᠢ ᠰᠦᠷᠳᠡᠭᠦᠯᠳᠡᠭ᠃ ᠢᠳᠡᠭᠡᠨ ᠤᠮᠳᠠᠭᠠᠨ ᠤ ᠠᠷᠢᠭᠤᠨ

ᠴᠡᠪᠡᠷ ᠪᠣᠯᠣᠨ ᠠᠮᠤᠷ ᠲᠦᠪᠰᠢᠨ ᠢ ᠠᠩᠬᠠᠷᠴᠤ᠂ ᠢᠳᠡᠭᠡᠨ ᠠᠴᠠ

ᠪᠣᠯᠤᠭᠰᠠᠨ ᠡᠪᠡᠳᠴᠢᠨ ᠢ ᠰᠡᠷᠭᠡᠶᠢᠯᠡᠨ᠎ᠡ᠃

       ᠭᠤᠷᠪᠠ᠂ ᠦᠶᠡᠷ ᠤᠨ ᠳᠠᠷᠠᠭ᠎ᠠ ᠳᠡᠪᠲᠦᠵᠦ ᠥᠩᠭᠡᠷᠡᠭᠰᠡᠨ

ᠭᠡᠷ ᠤᠨ ᠡᠳ᠋ᠯᠡᠯ ᠬᠡᠷᠡᠭᠰᠡᠯ ᠪᠤᠶᠤ ᠤᠮᠳᠠᠭᠠᠨ ᠤ ᠵᠦᠢᠯ

ᠢᠯᠵᠠᠷᠠᠵᠤ ᠸᠠᠯᠠᠨ ᠡᠪᠡᠳᠴᠢᠨ ᠤ ᠪᠡᠺᠲ᠋ᠧᠷᠢ ᠡᠭᠦᠰᠬᠡᠬᠦ

ᠵᠡᠷᠭᠡ ᠠᠮᠤᠷ ᠲᠦᠪᠰᠢᠨ ᠤ ᠳᠠᠯᠳᠠ ᠬᠡᠮ ᠢ ᠣᠮᠲᠣᠭᠠᠶᠢᠯᠠᠵᠤ

ᠪᠤᠯᠬᠤ ᠦᠭᠡᠢ᠃  

     ᠳᠥᠷᠪᠡ᠂ ᠢᠯᠠᠭ᠎ᠠ ᠪᠠᠲᠠᠭᠠᠨ᠎ᠠ ᠶᠢᠨ ᠡᠪᠡᠳᠴᠢᠨ ᠬᠢᠵᠢᠭ ᠢ

ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ ᠢᠯᠠᠭ᠎ᠠ

ᠪᠠᠲᠠᠭᠠᠨ᠎ᠠ ᠬᠤᠯᠤᠭᠠᠨ᠎ᠠ ᠵᠡᠷᠭᠡ ᠨᠢ ᠶᠡᠭᠡ ᠬᠡᠮᠵᠢᠶ᠎ᠡ ᠪᠠᠷ

ᠨᠡᠮᠡᠭᠳᠡᠵᠦ᠂ ᠤᠯᠠᠨ ᠵᠦᠢᠯ ᠤᠨ ᠡᠪᠡᠳᠴᠢᠨ ᠲᠠᠷᠬᠠᠭᠠᠳᠠᠭ᠃

      ᠲᠠᠪᠤ᠂ ᠲᠠᠷᠢᠮᠠᠯ ᠤᠨ ᠡᠪᠡᠳᠴᠢᠨ ᠢ ᠰᠡᠷᠭᠡᠶᠢᠯᠡᠬᠦ

ᠬᠡᠷᠡᠭᠲᠡᠢ᠃ ᠦᠶᠡᠷ ᠤᠨ ᠳᠠᠷᠠᠭ᠎ᠠ᠂ ᠤᠷᠭᠤᠮᠠᠯ ᠤᠨ

ᠬᠠᠲᠠᠩᠬᠢᠷᠠᠬᠤ ᠡᠪᠡᠳᠴᠢᠨ᠂ ᠴᠠᠭᠠᠨ ᠬᠥᠭᠡᠴᠦ  ᠶᠢᠨ ᠡᠪᠡᠳᠴᠢᠨ

ᠵᠡᠷᠭᠡ ᠡᠬᠦᠰᠳᠡᠭ ᠪᠣᠯᠬᠤᠷ ᠦᠶᠡᠷ ᠤᠨ ᠳᠠᠷᠠᠭ᠎ᠠ ᠣᠷᠴᠢᠨ

ᠲᠣᠭᠤᠷᠢᠨ ᠢᠶᠠᠨ ᠴᠠᠭ ᠲᠤᠬᠠᠢ ᠳᠤ ᠨᠢ ᠴᠡᠪᠡᠷᠯᠡᠬᠦ

ᠬᠡᠷᠡᠭᠲᠡᠢ᠃ ᠵᠢᠷᠭᠤᠭ᠎ᠠ᠂ ᠭᠡᠷ ᠤᠨ ᠲᠡᠵᠢᠭᠡᠪᠦᠷᠢ ᠶᠢᠨ

ᠪᠣᠬᠢᠷᠳᠤᠯ ᠢ ᠰᠡᠷᠭᠡᠶᠢᠯᠡᠬᠦ ᠬᠡᠷᠡᠭᠲᠡᠢ᠃ ᠦᠶᠡᠷ ᠤᠨ

ᠳᠠᠷᠠᠭ᠎ᠠ᠂ ᠠᠮᠢᠲᠠᠨ ᠤ ᠦᠬᠦᠳᠡᠯ ᠢ ᠴᠠᠭ ᠲᠤᠬᠠᠢ ᠳᠤ ᠨᠢ

ᠪᠤᠯᠠᠬᠤ ᠪᠤᠶᠤ ᠰᠢᠲᠠᠭᠠᠵᠤ᠂ ᠰᠠᠭᠤᠭ᠎ᠠ ᠭᠠᠵᠠᠷ ᠪᠠ ᠤᠰᠤᠨ ᠤ

ᠡᠬᠢ ᠰᠤᠷᠪᠤᠯᠵᠢ ᠠᠴᠠ 50 ᠮᠧᠲᠷ ᠤᠨ ᠬᠤᠯᠠ᠂ ᠬᠤᠶᠠᠷ ᠮᠧᠲᠷ

ᠣᠷᠴᠢᠮ ᠤᠨ ᠭᠦᠨ ᠨᠦᠬᠡ ᠮᠠᠯᠲᠠᠨ ᠪᠤᠯᠠᠵᠤ ᠳᠠᠷᠤᠨ᠎ᠠ᠃

       2022 ᠣᠨ ᠤ ᠳᠡᠭᠡᠷ᠎ᠡ ᠬᠠᠭᠠᠰ ᠵᠢᠯ ᠳᠤ᠂ ᠪᠦᠬᠦ ᠤᠯᠤᠰ ᠲᠤ

ᠨᠡᠶᠢᠲᠡ 18 ᠤᠳᠠᠭ᠎ᠠ ᠶᠢᠨ ᠣᠷᠣᠨ ᠪᠦᠰᠡ ᠶᠢᠨ ᠴᠢᠨᠠᠷᠲᠠᠢ

ᠰᠢᠷᠦᠭᠦᠨ ᠪᠣᠷᠣᠭᠠᠨ ᠣᠷᠣᠵᠤ᠂ ᠬᠤᠷ᠎ᠠ ᠲᠤᠨᠳᠠᠰᠤᠨ ᠤ

ᠬᠡᠮᠵᠢᠶ᠎ᠡ 306 ᠮᠢᠯᠢᠮᠧᠲᠷ ᠲᠤ ᠬᠦᠷᠴᠦ᠂ ᠡᠩ ᠤᠨ ᠵᠢᠯ ᠤᠨ

ᠠᠳᠠᠯᠢ ᠬᠤᠭᠤᠴᠠᠭᠠᠨ ᠤ ᠬᠢ ᠠᠴᠠ 11%᠎ ᠪᠠᠷ ᠨᠡᠮᠡᠭᠳᠡᠵᠦ᠂

ᠡᠮᠦᠨᠡᠲᠦ ᠣᠷᠣᠨ᠂ ᠬᠥᠬᠡᠮᠥ᠋ᠷᠡᠨ ᠤ ᠡᠮᠦᠨᠡᠲᠦ ᠣᠷᠣᠨ᠂

ᠪᠠᠷᠠᠭᠤᠨ ᠡᠮᠦᠨᠡᠲᠦ ᠣᠷᠣᠨ᠂ ᠵᠡᠭᠦᠨ ᠬᠤᠶᠢᠲᠤ ᠣᠷᠣᠨ ᠵᠡᠷᠭᠡ

ᠭᠠᠵᠠᠷ ᠤᠨ ᠪᠣᠷᠣᠭᠠᠨ  ᠤ ᠬᠡᠮᠵᠢᠶ᠎ᠡ ᠪᠠᠭ᠎ᠠ ᠢᠯᠡᠭᠦᠦ

ᠪᠠᠶᠢᠵᠤ᠂ ᠬᠠᠲᠤᠨ ᠭᠤᠣᠯ ᠬᠤᠸᠠᠶᠢᠾᠧ ᠭᠤᠣᠯ ᠤᠨ ᠪᠠᠷᠠᠭᠤᠨ

ᠬᠡᠰᠡᠭ᠂ ᠤᠮᠠᠷᠠᠲᠤ ᠣᠷᠣᠨ ᠤ ᠪᠠᠷᠠᠭᠤᠨ ᠬᠡᠰᠡᠭ᠂ ᠪᠠᠷᠠᠭᠤᠨ

ᠬᠤᠶᠢᠲᠤ ᠣᠷᠣᠨ ᠵᠡᠷᠭᠡ ᠭᠠᠵᠠᠷ ᠤᠨ ᠪᠣᠷᠣᠭᠠᠨ ᠤ ᠬᠡᠮᠵᠢᠶ᠎ᠡ

ᠨᠡᠯᠢᠶᠡᠳ ᠪᠠᠭ᠎ᠠ ᠪᠠᠶᠢᠪᠠ᠃ ᠡᠮᠦᠨᠡᠲᠦ ᠣᠷᠣᠨ ᠤ ᠦᠶᠡᠷ ᠠᠴᠠ

ᠡᠮᠦᠨᠡᠬᠢ ᠬᠤᠭᠤᠴᠠᠭᠠᠨ ᠤ ᠪᠣᠷᠣᠭᠠᠨ ᠤ ᠬᠡᠮᠵᠢᠶ᠎ᠡ᠂

ᠨᠥᠯᠥᠭᠡᠯᠡᠬᠦ ᠬᠡᠪᠴᠢᠶ᠎ᠡ ᠥᠷᠭᠡᠨ ᠪᠠᠶᠢᠵᠤ᠂

ᠦᠷᠬᠦᠯᠵᠢᠯᠡᠭᠰᠡᠨ ᠴᠠᠭ ᠨᠢ ᠤᠷᠲᠤ᠂ ᠭᠠᠮᠰᠢᠭ ᠤᠨ

ᠬᠤᠬᠢᠷᠠᠯ ᠨᠢ ᠬᠦᠨᠳᠦ ᠪᠠᠶᠢᠪᠠ᠃ ᠪᠦᠬᠦ ᠤᠯᠤᠰ ᠲᠤ ᠨᠡᠶᠢᠲᠡ 21

ᠮᠤᠵᠢ ᠣᠷᠣᠨ᠂ ᠬᠤᠲᠠ︶᠎ ᠶᠢᠨ 426 ᠭᠤᠣᠯ ᠮᠥᠷᠡᠨ ᠳᠤ

ᠰᠡᠷᠡᠮᠵᠢᠯᠡᠬᠦᠯᠦᠯ ᠤᠨ ᠬᠡᠮᠵᠢᠶ᠎ᠡ ᠶᠢ ᠳᠠᠪᠠᠭᠰᠠᠨ ᠦᠶᠡᠷ

ᠪᠠᠭᠤᠵᠠᠢ᠃ ᠶᠡᠷᠦᠩᠬᠡᠢ ᠳᠤ ᠨᠢ ᠠᠪᠴᠤ ᠦᠵᠡᠪᠡᠯ᠂ ᠳᠡᠭᠡᠷ᠎ᠡ

ᠬᠠᠭᠠᠰ ᠵᠢᠯ ᠳᠤ᠂ ᠦᠶᠡᠷ ᠤᠰᠤᠳᠠᠯ ᠤᠨ ᠭᠠᠮᠰᠢᠭ ᠲᠤ 2046 ᠲᠦᠮᠡᠨ

ᠬᠥᠮᠥᠨ ᠤᠳᠠᠭ᠎ᠠ ᠭᠠᠮᠰᠢᠭᠳᠠᠵᠤ᠂ ᠭᠠᠮᠰᠢᠭ ᠠᠴᠠ ᠪᠣᠯᠵᠤ 39

ᠬᠥᠮᠥᠨ ᠠᠳᠡᠵᠦ ᠰᠤᠷᠠᠭ ᠳᠠᠰᠤᠷᠠᠵᠤ᠂ 1.6 ᠲᠦᠮᠡᠨ ᠲᠠᠰᠤᠯᠭ᠎ᠠ ᠭᠡᠷ

ᠪᠠᠶᠢᠰᠢᠩ ᠨᠤᠷᠠᠵᠤ᠂ ᠠᠵᠤ ᠠᠬᠤᠢ  ᠶᠢᠨ ᠰᠢᠭᠤᠳ ᠬᠤᠬᠢᠷᠠᠯ 628

ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃    

 

 

     