ᠶᠠᠯᠠᠲᠠᠨ ᠯᠣᠣ ᠷᠦᠩ ᡁᠢ ᠶᠢᠨ ᠠᠯᠠᠬᠤ ᠡᠷᠡᠭᠦᠦ ᠶᠢ ᠭᠦᠢᠴᠡᠳᠬᠡᠪᠡ
ᠨᠡᠶᠢᠲᠡᠯᠡᠭᠰᠡᠨ ᠴᠠᠭ᠄
2023/12/28
        ᠨᠠᠨᠴᠠᠩ ᠬᠤᠲᠠ ᠶᠢᠨ  ᠠᠷᠠᠳ ᠤᠨ  ᠳᠤᠮᠳᠠ  ᠵᠡᠷᠭᠡ ᠶᠢᠨ  ᠰᠢᠭᠦᠬᠦ  ᠬᠤᠷᠢᠶᠠᠨ ᠤ  ᠮᠡᠳᠡᠭᠡ ᠶᠢ  ᠦᠨᠳᠦᠰᠦᠯᠡᠪᠡᠯ᠂ 2023 ᠣᠨ ᠤ 12 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠨᠠᠨᠴᠠᠩ ᠬᠤᠲᠠ ᠶᠢᠨ  ᠠᠷᠠᠳ ᠤᠨ  ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠷᠠᠳ ᠤᠨ ᠳᠡᠭᠡᠳᠦ ᠰᠢᠭᠦᠬᠦ ᠬᠤᠷᠢᠶᠠᠨ ᠤ  ᠪᠠᠭᠤᠯᠭᠠᠭᠰᠠᠨ  ᠠᠯᠠᠬᠤ  ᠡᠷᠡᠭᠦᠦ ᠶᠢ  ᠭᠦᠢᠴᠡᠳᠬᠡᠬᠦ ᠵᠠᠷᠯᠢᠭ ᠶᠣᠰᠣᠭᠠᠷ᠂ ᠯᠣᠸ ᠷᠦᠩ ᡁᠢ ᠶᠢ ᠠᠯᠠᠬᠤ ᠡᠷᠡᠭᠦᠦ ᠪᠠᠷ ᠰᠢᠢᠳᠬᠡᠪᠡ᠃ 

        ᠠᠷᠠᠳ ᠤᠨ ᠳᠡᠭᠡᠳᠦ ᠰᠢᠭᠦᠬᠦ ᠬᠤᠷᠢᠶ᠎ᠠ ᠣᠷᠴᠢᠮᠬᠠᠨ ᠳᠤ ᠵᠠᠭᠠᠯᠳᠤᠭᠳᠠᠭᠴᠢ ᠯᠣᠣ ᠷᠦᠩ ᡁᠢ  ᠶᠢᠨ ᠵᠣᠷᠢᠭᠤᠳᠠ ᠬᠥᠮᠥᠨ‌ᠠᠯᠠᠭᠰᠠᠨ᠂ ᠳᠡᠭᠡᠷᠡᠮᠳᠡᠭᠰᠡᠨ᠂ 

ᠤᠤᠯᠭᠠᠯᠠᠭᠰᠠᠨ ᠶᠠᠯ᠎ᠠ ᠶᠢᠨ ᠠᠯᠠᠬᠤ ᠡᠷᠡᠭᠦᠦ  ᠶᠢ ᠳᠠᠬᠢᠨ ᠬᠢᠨᠠᠭᠰᠠᠨ ᠬᠡᠷᠡᠭ ᠲᠤ ᠬᠠᠤᠯᠢ  ᠶᠣᠰᠣᠭᠠᠷ ᠲᠣᠭᠲᠠᠭᠠᠯᠲᠠ ᠭᠠᠷᠭᠠᠵᠤ᠂ ᠯᠣᠣ ᠷᠦᠩ ᡁᠢ  ᠶᠢᠨ ᠠᠯᠠᠬᠤ 

ᠡᠷᠡᠭᠦᠦ  ᠶᠢ ᠬᠢᠨᠠᠨ ᠵᠥᠪᠰᠢᠶᠡᠷᠡᠭᠰᠡᠨ ᠪᠠᠶᠢᠨ᠎ᠠ᠃ ᠠᠷᠠᠳ ᠤᠨ ᠳᠡᠭᠡᠳᠦ ᠰᠢᠭᠦᠬᠦ ᠬᠤᠷᠢᠶ᠎ᠠ ᠲᠠᠬᠢᠨ ᠬᠢᠨᠠᠬᠤ ᠬᠤᠭᠤᠴᠠᠭᠠᠨ ᠳᠤ ᠵᠠᠭᠠᠯᠳᠤᠭᠳᠠᠭᠴᠢ ᠠᠴᠠ ᠬᠠᠤᠯᠢ 

ᠶᠣᠰᠣᠭᠠᠷ  ᠰᠢᠭᠦᠨ  ᠠᠰᠠᠭᠤᠪᠠ᠃  ᠯᠣᠣ‌‍ᠷᠦ᠋ᠩ ᡁᠢ ᠥᠮᠥᠭᠯᠡᠬᠦ ᠬᠠᠤᠯᠢᠴᠢ ᠳᠤ ᠨᠠᠶᠢᠳᠠᠵᠤ ᠲᠡᠭᠦᠨ ᠢ ᠥᠮᠥᠭᠯᠡᠭᠦᠯᠪᠡ᠂  ᠥᠮᠥᠭᠯᠡᠬᠦ  ᠬᠠᠤᠯᠢᠴᠢ  ᠡᠪᠬᠡᠮᠡᠯ  

ᠮᠠᠲ᠋ᠧᠷᠢᠶᠠᠯ ᠢ ᠪᠠᠶᠢᠴᠠᠭᠠᠨ ᠦᠵᠡᠵᠦ᠂ ᠵᠠᠭᠠᠯᠳᠤᠭᠳᠠᠭᠴᠢ ᠲᠠᠢ ᠠᠭᠤᠯᠵᠠᠵᠤ᠂ ᠥᠮᠥᠭᠯᠡᠬᠦ ᠰᠠᠨᠠᠯ ᠢᠶᠠᠨ  ᠳᠡᠪᠰᠢᠭᠦᠯᠪᠡ᠃  ᠠᠷᠠᠳ ᠤᠨ  ᠳᠡᠭᠡᠳᠦ ᠰᠢᠭᠦᠬᠦ ᠬᠤᠷᠢᠶ᠎ᠠ 

ᠥᠮᠥᠭᠯᠡᠬᠦ ᠰᠠᠨᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠢᠨᠠᠨ ᠪᠠᠶᠢᠴᠠᠭᠠᠵᠤ᠂  ᠵᠠᠭᠠᠯᠳᠤᠭᠳᠠᠭᠴᠢ ᠶᠢᠨ ᠬᠠᠤᠯᠢ ᠶᠣᠰᠣᠭᠠᠷ ᠡᠳ᠋ᠯᠡᠬᠦ ᠵᠠᠷᠭᠤᠯᠳᠤᠬᠤ ᠡᠷᠬᠡ ᠶᠢ 

ᠭᠦᠢᠴᠡᠳ  ᠪᠠᠲᠤᠯᠠᠪᠠ᠃  ᠵᠢᠶᠠᠩᠰᠢ  ᠮᠤᠵᠢ ᠶᠢᠨ  ᠨᠠᠨᠴᠠᠩ  ᠬᠤᠳᠠ ᠵᠢᠨ‌ᠠᠷᠠᠳ ᠤᠨ ᠳᠤᠮᠳᠠ ᠵᠡᠷᠭᠡ ᠶᠢᠨ  ᠰᠢᠭᠦᠬᠦ  ᠬᠤᠷᠢᠶ᠎ᠠ  ᠯᠣᠣ  ᠷᠦᠩ  ᡁᠢ ᠳᠤ  

ᠠᠷᠠᠳ ᠤᠨ  ᠳᠡᠭᠡᠳᠦ  ᠰᠢᠭᠦᠬᠦ  ᠬᠤᠷᠢᠶᠠᠨ ᠤ ᠡᠷᠡᠭᠦᠦ ᠶᠢᠨ ᠬᠡᠷᠡᠭ ᠤᠨ ᠲᠣᠭᠲᠠᠭᠠᠯᠲᠠ ᠶᠢ ᠬᠦᠷᠭᠡᠪᠡ᠃ ᠯᠣᠣ ᠷᠦᠩ ᡁᠢ ᠬᠤᠣᠷᠯᠠᠭᠳᠠᠭᠴᠢ ᠶᠢᠨ ᠲᠥᠷᠥᠯ 

ᠰᠠᠳᠤᠨ ᠳᠤ ᠣᠰᠣᠯ ᠬᠦᠯᠢᠶᠡᠪᠡ᠃ 2023 ᠣᠨ ᠤ 12  ᠰᠠᠷ᠎ᠠ ᠶᠢᠨ  18 ᠤ  ᠡᠳᠦᠷ ᠤᠨ  ᠦᠳᠡ ᠶᠢᠨ  ᠡᠮᠦᠨ᠎ᠡ᠂  ᠨᠠᠨᠴᠠᠩ  ᠬᠤᠲᠠ ᠶᠢᠨ ᠠᠷᠠᠳ ᠤᠨ 

ᠳᠤᠮᠳᠠ ᠵᠡᠷᠭᠡ ᠶᠢᠨ ᠰᠢᠭᠦᠬᠦ  ᠬᠤᠷᠢᠶ᠎ᠠ  ᠠᠷᠠᠳ ᠤᠨ  ᠳᠡᠭᠡᠳᠦ  ᠰᠢᠭᠦᠬᠦ  ᠬᠤᠷᠢᠶᠠᠨ ᠤ  ᠪᠠᠭᠤᠯᠭᠠᠭᠰᠠᠨ  ᠠᠯᠠᠬᠤ ᠡᠷᠡᠭᠦᠦ ᠶᠢ ᠭᠦᠢᠴᠡᠳᠬᠡᠬᠦ ᠵᠠᠷᠯᠢᠭ ᠶᠣᠰᠣᠭᠠᠷ᠂ 

ᠯᠣᠸ ᠷᠦᠩ ᡁᠢ ᠳᠤ ᠠᠯᠠᠬᠤ ᠡᠷᠡᠭᠦᠦ ᠶᠢ ᠭᠦᠢᠴᠡᠳᠬᠡᠪᠡ᠃ ᠨᠠᠨᠴᠠᠩ ᠬᠤᠳᠠ ᠵᠢᠨ‌ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠬᠥᠮᠥᠨ ᠲᠣᠮᠢᠯᠠᠨ 

ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠭᠤᠯᠪᠠ᠃ ᠨᠠᠨᠴᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠭᠦᠢᠴᠡᠳᠬᠡᠬᠦ ᠠᠴᠠ  ᠡᠮᠦᠨ᠎ᠡ  

ᠯᠣᠣ  ᠷᠦᠩ  ᡁᠢ ᠶᠢ ᠣᠶᠢᠷ᠎ᠠ ᠲᠥᠷᠥᠯ ᠰᠠᠳᠤᠨ ᠲᠠᠢ  ᠨᠢ ᠠᠭᠤᠯᠵᠠᠭᠤᠯᠬᠤ ᠪᠠᠷ ᠲᠣᠬᠢᠷᠠᠭᠤᠯᠪᠠ᠃     

 

 

ᠢᠷᠡᠯᠲᠡ᠄ ᠲᠣᠲᠣᠷᠬᠠᠢ ᠦᠭᠡᠢ