ᠴᠢᠬᠤᠯᠠ ᠮᠡᠳᠡᠭᠡ︕ 2024 ᠣᠨ ᠤ ᠪᠣᠭᠤᠮᠲᠠ ᠶᠢᠨ ᠭᠠᠶᠢᠯᠢ ᠳᠤ ᠲᠣᠬᠢᠷᠠᠭᠤᠯᠤᠯᠲᠠ ᠬᠢᠬᠦ ᠲᠥᠰᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/12/30

       ᠭᠠᠳᠠᠭᠠᠳᠤ  ᠠᠴᠠ ᠤᠷᠤᠭᠤᠯᠬᠤ ᠪᠠ ᠭᠠᠳᠠᠭᠠᠳᠤ  ᠳᠤ ᠭᠠᠷᠭᠠᠬᠤ  ᠠᠵᠤ  ᠠᠬᠤᠶ ᠳᠤ  ᠦᠵᠡᠭᠦᠯᠬᠦ  ᠲᠤᠯᠭᠠᠭᠤᠷᠢᠯᠠᠬᠤ ᠦᠢᠯᠡᠳᠦᠯ  ᠢ ᠦᠷᠭᠦᠯᠵᠢᠯᠡᠨ 

ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ  ᠬᠤᠶᠠᠷ  ᠵᠠᠬ᠎ᠠ  ᠳᠡᠯᠭᠡᠭᠦᠷ  ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠳᠤᠮᠳᠠᠬᠢ 

ᠪᠣᠭᠤᠮᠲᠠ ᠶᠢᠨ ᠭᠠᠶᠢᠯᠢ ᠶᠢᠨ ᠴᠢᠬᠤᠯᠠ ᠡᠭᠦᠷᠭᠡ ᠴᠢᠳᠠᠪᠤᠷᠢ ᠶᠢ ᠨᠠᠩ ᠰᠠᠶᠢᠲᠤᠷ ᠬᠦᠢᠴᠡᠳᠬᠡᠬᠦ ᠶᠢᠨ ᠲᠥᠯᠥᠭᠡ᠂ 12 ᠰᠠᠷ᠎ᠠ ᠶᠢᠨ 21 ᠤ  ᠡᠳᠦᠷ᠂  ᠲᠥᠷᠥ ᠶᠢᠨ  

ᠶᠠᠪᠤᠳᠠᠯ ᠤᠨ  ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠯᠪᠠᠨ  ᠵᠠᠷ  ᠨᠡᠶᠢᠲᠡᠯᠡᠵᠦ᠂  2024  ᠣᠨ ᠳᠤ  ᠬᠡᠰᠡᠭ  ᠲᠠᠸᠠᠷ ᠤᠨ

ᠭᠠᠳᠠᠭᠠᠳᠤ  ᠠᠴᠠ ᠤᠷᠤᠭᠤᠯᠬᠤ ᠪᠠ ᠭᠠᠳᠠᠭᠠᠳᠤ  ᠳᠤ ᠭᠠᠷᠭᠠᠬᠤ ᠪᠣᠭᠤᠮᠲᠠ ᠶᠢᠨ ᠭᠠᠶᠢᠯᠢ ᠳᠤ ᠲᠣᠬᠢᠷᠠᠭᠤᠯᠤᠯᠲᠠ ᠬᠢᠨ᠎ᠠ ᠭᠡᠪᠡ᠃

        ᠠᠯᠪᠠᠨ ᠵᠠᠷ ᠢ ᠦᠨᠳᠦᠰᠦᠯᠡᠪᠡᠯ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂  ᠮᠠᠨ ᠤ  ᠤᠯᠤᠰ1010  ᠵᠦᠢᠯ ᠤᠨ   ᠲᠠᠸᠠᠷ ᠲᠤ   

ᠣᠨᠴᠠ   ᠬᠠᠷᠠᠭᠠᠯᠵᠠᠯᠲᠤ   ᠤᠯᠤᠰ ᠤᠨ   ᠭᠠᠶᠢᠯᠢ ᠶᠢᠨ   ᠨᠣᠷᠮ᠎ᠠ ᠠᠴᠠ   ᠳᠤᠤᠷ᠎ᠠ ᠭᠠᠳᠠᠭᠠᠳᠤ ᠣᠷᠣᠭᠤᠯᠤᠯᠲᠠ  ᠶᠢᠨ ᠲᠦᠷ ᠲᠣᠭᠲᠠᠭᠠᠭᠰᠠᠨ ᠭᠠᠶᠢᠯᠢ ᠶᠢᠨ 

ᠨᠣᠷᠮ᠎ᠠ ᠶᠢ ᠬᠡᠷᠡᠭᠵᠢᠭᠦᠯᠦᠨ᠎ᠡ᠃ 

        ᠪᠣᠳᠠᠲᠠᠢ ᠪᠠᠷ ᠬᠡᠯᠡᠪᠡᠯ᠂ ᠨᠢᠭᠡ ᠳᠤ ᠲᠡᠷᠢᠭᠦᠨ ᠤ  ᠦᠢᠯᠡᠳᠬᠦ  ᠦᠢᠯᠡᠰ ᠤᠨ  ᠰᠢᠨ᠎ᠡ ᠶᠢ  ᠡᠭᠦᠳᠬᠦ  ᠬᠥᠭᠵᠢᠯᠲᠡ ᠶᠢ ᠲᠦᠷᠭᠡᠨ ᠠᠬᠢᠭᠤᠯᠵᠤ᠂ ᠾᠯᠣᠷᠲᠤ 

ᠯᠢᠲ᠋ᠢ᠂ ᠠᠷᠰᠧᠨ ᠪᠠᠭᠠᠲᠠᠢ  ᠬᠠᠶᠢᠯᠤᠭᠤᠷ  ᠵᠣᠩᠰᠢ᠂  ᠲᠦᠯᠡᠰᠢᠨ  ᠳ᠋ᠢᠶᠠᠨ  ᡂᠢ ᠶᠢᠨ  ᠬᠡᠢ ᠪᠡᠶᠡᠲᠦ ᠶᠢᠨ ᠲᠠᠷᠬᠠᠯᠲᠠ ᠶᠢᠨ ᠳᠠᠪᠬᠤᠷᠭ᠎ᠠ ᠵᠡᠷᠭᠡ  ᠤᠯᠤᠰ ᠤᠨ  

ᠳᠣᠲᠣᠭᠠᠳᠤ ᠳᠤ  ᠳᠤᠲᠠᠭᠳᠠᠵᠤ  ᠪᠠᠶᠢᠭ᠎ᠠ  ᠡᠬᠢ  ᠪᠠᠶᠠᠯᠢᠭ᠂ ᠵᠠᠩᠭᠢᠯᠠᠭ᠎ᠠ ᠶᠢᠨ ᠲᠥᠬᠦᠭᠡᠷᠦᠮᠵᠢ  ᠪᠠ  ᠰᠡᠯᠪᠢᠭ  ᠲᠤᠨᠤᠭ ᠤᠨ  ᠭᠠᠳᠠᠭᠠᠳᠤ ᠠᠴᠠ  ᠣᠷᠣᠭᠤᠯᠬᠤ  

ᠪᠣᠭᠤᠮᠲᠠ ᠶᠢᠨ  ᠭᠠᠶᠢᠯᠢ ᠶᠢ ᠪᠠᠭᠤᠷᠠᠭᠤᠯᠤᠨ᠎ᠠ᠃ ᠬᠤᠶᠠᠷ ᠲᠤ ᠠᠷᠠᠳ ᠲᠦᠮᠡᠨ ᠤ ᠠᠮᠢ ᠨᠠᠰᠤ  ᠡᠷᠡᠭᠦᠯ  ᠮᠡᠨᠳᠦ ᠶᠢ  ᠪᠠᠲᠤᠯᠠᠵᠤ᠂  ᠰᠠᠭᠤᠭᠠᠯᠢ  ᠠᠷᠠᠳ ᠤᠨ

ᠬᠡᠷᠡᠭᠯᠡᠭᠡᠨ ᠤ ᠬᠡᠷᠡᠭᠴᠡᠭᠡ ᠶᠢ ᠴᠢᠨᠠᠷ ᠰᠠᠶᠢᠲᠠᠶ  ᠬᠠᠩᠭᠠᠬᠤ   ᠶᠢᠨ  ᠲᠤᠰᠠᠳᠠ᠂  ᠬᠡᠰᠡᠭ  ᠥᠮᠡᠨ   ᠢ  ᠵᠠᠰᠠᠬᠤ  ᠡᠮ᠂  ᠬᠤᠪᠣᠷ ᠲᠣᠬᠢᠶᠠᠯᠳᠤᠬᠤ ᠡᠪᠡᠳᠴᠢᠨ ᠤ ᠡᠮ 

ᠲᠠᠩ ᠪᠠ ᠲᠦᠭᠦᠬᠡᠶ ᠮᠠᠲ᠋ᠧᠷᠢᠶᠠᠯ ᠵᠡᠷᠭᠡ ᠳᠤ ᠪᠣᠭᠤᠮᠲᠠ ᠶᠢᠨ ᠭᠠᠶᠢᠯᠢ ᠥᠯᠥ ᠲᠠᠲᠠᠪᠤᠷᠢᠯᠠᠬᠤ᠂ ᠠᠨᠠᠭᠠᠬᠤ ᠤᠬᠠᠭᠠᠨ ᠤ  ᠣᠨᠴᠠᠭᠠᠶ  ᠬᠡᠷᠡᠭᠴᠡᠭᠡᠲᠦ  ᠨᠠᠶᠢᠷᠠᠯᠭ᠎ᠠ ᠲᠠᠢ  

ᠢᠳᠡᠭᠡᠨ  ᠵᠡᠷᠭᠡ ᠶᠢᠨ  ᠭᠠᠳᠠᠭᠠᠳᠤ ᠠᠴᠠ  ᠣᠷᠣᠭᠤᠯᠬᠤ ᠪᠣᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ᠃ ᠭᠤᠷᠪᠠ ᠳᠤ᠂ ᠰᠢᠬᠢᠷᠯᠢᠭ ᠡᠷᠳᠡᠨᠢ ᠰᠢᠰᠢ᠂ ᠦᠨᠦᠷᠳᠦ 

ᠨᠤᠭᠤᠭ᠎ᠠ᠂ ᠠᠷᠴᠠ ᠶᠢᠨ ᠦᠷ᠎ᠡ ᠶᠢᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ᠃ ᠡᠭᠦᠨ ᠠᠴᠠ  ᠭᠠᠳᠠᠨ᠎ᠠ᠂  ᠰᠢᠨ᠎ᠡ

ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ  ᠶᠢᠨ  ᠲᠤᠰᠠᠳᠠ᠂  ᠳᠡᠭᠡᠳᠦ  ᠴᠡᠪᠡᠷ  ᠬᠥᠩᠭᠡᠨ  ᠴᠠᠭᠠᠨ   ᠤ ᠭᠠᠳᠠᠭᠠᠳᠤ  ᠳᠤ ᠭᠠᠷᠭᠠᠬᠤ 

ᠪᠣᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ᠃    

 

 

ᠢᠷᠡᠯᠲᠡ᠄ ᠠᠷᠠᠳ ᠤᠨ ᠰᠦᠯᠵᠢᠶ᠎ᠠ