ᠳᠤᠮᠳᠠᠳᠤ ᠤᠯᠤᠰ ᠤᠨ ᠲᠠᠯ᠎ᠠ  ᠶᠢᠨ 4 ᠠᠵᠢᠯᠲᠠᠨ ᠠᠳᠡᠵᠡᠢ ᠭᠡᠵᠦ ᠭᠠᠳᠠᠭᠠᠳᠤ ᠬᠠᠷᠢᠯᠴᠠᠭᠠᠨ ᠤ ᠶᠠᠮᠤᠨ ᠭᠡᠷᠡᠴᠢᠯᠡᠵᠡᠢ
ᠨᠡᠶᠢᠲᠡᠯᠡᠭᠰᠡᠨ ᠴᠠᠭ᠄
2023/12/30

       2023 ᠣᠨ ᠤ 12 ᠰᠠᠷ᠎ᠠ ᠶᠢᠨ 25 ᠤ ᠡᠳᠦᠷ ᠭᠠᠳᠠᠭᠠᠳᠤ ᠶᠠᠪᠤᠳᠠᠯ ᠤᠨ ᠶᠠᠮᠤᠨ ᠤ  ᠥᠭᠦᠯᠡᠭᠴᠢ  ᠮᠠᠤ  ᠨᠢᠩ ᠲᠣᠭᠲᠠᠮᠠᠯ ᠬᠤᠭᠤᠴᠠᠭᠠᠲᠤ 

ᠰᠣᠷᠪᠣᠯᠵᠢᠯᠠᠭᠴᠢᠳ ᠤᠨ ᠬᠤᠷᠠᠯ ᠢ ᠡᠷᠭᠢᠯᠡᠪᠡ᠂ ᠬᠡᠰᠡᠭ ᠠᠭᠤᠯᠭ᠎ᠠ  ᠨᠢ ᠳᠣᠣᠷᠠᠬᠢ ᠮᠡᠲᠦ᠄ 

        ᠹᠷᠠᠨᠼᠢ  ᠶᠢᠨ ᠰᠣᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠭᠴᠢ᠄  ᠢᠨᠳᠤᠨᠧᠰᠢᠶ᠎ᠠ ᠳᠠᠬᠢ  ᠳᠤᠮᠳᠠᠳᠤ  ᠤᠯᠤᠰ ᠤᠨ ᠪᠡᠯᠡ ᠣᠷᠣᠭᠤᠯᠤᠭᠰᠠᠨ ᠨᠢᠭᠡᠨ 

ᠦᠢᠯᠡᠳᠪᠦᠷᠢ ᠳᠤ ᠥᠴᠥᠭᠡᠳᠦᠷ ᠳᠡᠯᠪᠡᠷᠡᠯᠲᠡ ᠭᠠᠷᠴᠤ᠂ ᠠᠳᠠᠭ ᠪᠠᠭ᠎ᠠ ᠳᠠᠭᠠᠨ  13  ᠬᠥᠮᠥᠨ ᠠᠳᠡᠵᠡᠢ᠃ ᠳᠤᠮᠳᠠᠳᠤ ᠤᠯᠤᠰ ᠤᠨ ᠢᠷᠭᠡᠨ ᠠᠳᠡᠯ ᠤᠨ ᠳᠤᠮᠳᠠ 

ᠦᠬᠦᠵᠦ ᠰᠢᠷᠬᠠᠲᠤᠭᠰᠠᠨ ᠦᠦ︖ 

       ᠮᠠᠤ ᠨᠢᠩ᠄ ᠣᠶᠢᠯᠠᠭᠠᠭᠰᠠᠨ ᠢᠶᠠᠷ᠂ ᠡᠨᠡ ᠤᠳᠠᠭᠠᠨ ᠤ ᠭᠡᠨᠡᠳᠲᠡ  ᠶᠢᠨ ᠬᠡᠷᠡᠭ ᠲᠤ ᠳᠤᠮᠳᠠᠳᠤ  ᠶᠢᠨ  ᠲᠠᠯ᠎ᠠ   ᠶᠢᠨ  4ᠠᠵᠢᠯᠲᠠᠨ  ᠢ ᠪᠠᠭᠲᠠᠭᠠᠭᠰᠠᠨ 13 

ᠬᠥᠮᠥᠨ ᠠᠳᠡᠵᠦ᠂ ᠣᠯᠠᠨ  ᠬᠥᠮᠥᠨ  ᠰᠢᠷᠬᠠᠲᠤᠵᠠᠢ᠂  ᠣᠳᠣᠬᠠᠨ ᠳᠤ  ᠰᠢᠷᠬᠠᠲᠤᠭᠰᠠᠳ ᠢ‌‍ᠴᠥ᠋ᠮ ᠡᠮᠨᠡᠯᠭᠡ ᠳᠤ ᠬᠦᠷᠭᠡᠵᠦ ᠡᠮᠨᠡᠭᠦᠯᠵᠦ ᠪᠠᠶᠢᠨ᠎ᠠ᠃ ᠳᠤᠮᠳᠠᠳᠤ ᠶᠢᠨ 

ᠲᠠᠯ᠎ᠠ ᠶᠢᠨ  ᠬᠢᠨ ᠠᠳᠡᠯ ᠠᠴᠠ  ᠪᠣᠯᠵᠤ  ᠬᠥᠮᠥᠨ  ᠬᠠᠷ᠎ᠠ‌ᠦᠬᠦᠵᠦ ᠰᠢᠷᠬᠠᠲᠤᠭᠰᠠᠨ ᠳᠤ ᠵᠢᠷᠦᠬᠡ ᠰᠢᠮᠰᠢᠷᠡᠵᠦ᠂ ᠠᠳᠡᠭᠰᠡᠳ ᠢ ᠭᠠᠰᠢᠭᠤᠳᠠᠵᠤ ᠪᠠᠶᠢᠬᠤ ᠪᠠᠨ 

ᠢᠯᠡᠷᠬᠡᠶᠢᠯᠡᠵᠦ ᠪᠠᠶᠢᠨ᠎ᠠ᠃

       ᠭᠠᠳᠠᠭᠠᠳᠤ ᠶᠠᠪᠤᠳᠠᠯ ᠤᠨ ᠶᠠᠮᠤᠨ ᠨᠢᠭᠡᠨᠲᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠪᠣᠯᠣᠨ  ᠣᠷᠣᠨ  ᠨᠤᠲᠤᠭ ‍ᠤᠨ‌ᠠᠷᠠᠳ ᠤᠨ ᠵᠠᠰᠠᠭ ᠤᠨ 

ᠣᠷᠳᠣᠨ ᠲᠠᠢ ᠬᠠᠮᠲᠤᠷᠠᠨ ᠢᠨᠳᠤᠨᠧᠰᠢᠶ᠎ᠠ ᠳᠤ ᠰᠠᠭᠤᠭ᠎ᠠ ᠡᠯᠴᠢᠨ  ᠰᠠᠶᠢᠳ ᠤᠨ  ᠶᠠᠮᠤᠨ ᠢ  ᠪᠠᠶᠢᠳᠠᠯ ᠢ ᠲᠡᠷᠡ ᠳᠠᠷᠤᠢ  ᠳᠤᠨᠢ ᠬᠢᠨᠠᠨ ᠬᠠᠷᠭᠤᠭᠤᠯᠵᠤ᠂  

ᠰᠢᠢᠳᠪᠦᠷᠢᠯᠡᠬᠦ  ᠠᠵᠢᠯ ᠢ  ᠥᠷᠨᠢᠭᠦᠯᠬᠦ ᠶᠢ  ᠵᠢᠭᠠᠨ  ᠵᠢᠯᠤᠭᠤᠳᠪᠠ᠃  ᠡᠯᠴᠢᠨ ᠰᠠᠶᠢᠳ ᠤᠨ ᠶᠠᠮᠤᠨ ᠲᠡᠷᠡ ᠳᠠᠷᠤᠢ   ᠳᠤᠨᠢ  ᠪᠠᠴᠢᠮ  ᠪᠠᠶᠢᠳᠠᠯ   ᠢ  ᠠᠷᠭᠠᠴᠠᠬᠤ  

ᠲᠣᠭᠲᠠᠴᠠ   ᠶᠢ  ᠡᠬᠢᠯᠡᠨ  ᠬᠡᠷᠡᠭᠵᠢᠭᠦᠯᠵᠦ᠂ ᠬᠤᠯᠪᠣᠭᠳᠠᠯ ᠪᠦᠬᠦᠢ ᠲᠠᠯ᠎ᠠ  ᠶᠢᠨ  ᠬᠢᠨ  ᠢ ᠵᠣᠬᠢᠴᠠᠭᠤᠯᠤᠨ ᠰᠢᠷᠬᠠᠲᠤᠭᠰᠠᠳ  ᠢ ᠪᠦᠬᠦ ᠬᠦᠴᠦ ᠪᠠᠷ  ᠢᠶᠠᠨ ᠠᠪᠤᠷᠠᠨ 

ᠵᠠᠰᠠᠵᠤ᠂ ᠠᠳᠡᠯ ᠭᠠᠷᠤᠭᠰᠠᠨ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠣᠳᠣᠯᠠᠵᠤ ᠪᠠᠶᠢᠨ᠎ᠠ᠃ ᠡᠯᠴᠢᠨ ᠰᠠᠶᠢᠳ ᠤᠨ ᠶᠠᠮᠤᠨ ᠪᠠᠰᠠ ᠬᠡᠷᠡᠭ ᠶᠠᠪᠤᠳᠠᠯ ᠳᠤ  

ᠬᠤᠯᠪᠣᠭᠳᠠᠭᠰᠠᠨ  ᠠᠵᠤ  ᠠᠬᠤᠶᠢᠯᠠᠯ ᠤᠨ  ᠵᠠᠯᠭᠠᠮᠵᠢ  ᠰᠢᠢᠳᠪᠦᠷᠢᠯᠡᠯᠲᠡ ᠶᠢ  ᠰᠠᠶᠢᠲᠤᠷ  ᠬᠢᠬᠦ ᠶᠢ ᠵᠢᠯᠤᠭᠤᠳᠪᠠ᠃

        ᠳᠤᠮᠳᠠᠳᠤ ᠶᠢᠨ ᠲᠠᠯ᠎ᠠ ᠶᠢᠨ  ᠬᠢᠨ ᠢᠨᠳᠤᠨᠧᠰᠢᠶ᠎ᠠ ᠶᠢᠨ ᠲᠠᠯ᠎ᠠ ᠶᠢᠨ  ᠬᠢᠨ ᠲᠠᠢ ᠦᠷᠭᠦᠯᠵᠢᠯᠡᠨ ᠨᠢᠭᠲᠠ ᠬᠠᠷᠢᠯᠴᠠᠭ᠎ᠠ ᠪᠠᠨ‌‍ᠪᠠᠲᠤᠯᠠᠵᠤ᠂ ᠬᠤᠶᠢᠲᠤᠬᠢ ᠶᠠᠪᠤᠳᠠᠯ ᠢ 

ᠰᠠᠶᠢᠲᠤᠷ ᠰᠢᠢᠳᠪᠦᠷᠢᠯᠡᠨ᠎ᠡ ᠭᠡᠵᠦ ᠵᠢᠭᠠᠵᠤ ᠭᠠᠷᠭᠠᠪᠠ᠃     

 

   

 

 

ᠢᠷᠡᠯᠲᠡ᠄ ᠠᠷᠠᠳ ᠤᠨ ᠰᠦᠯᠵᠢᠶ᠎ᠡ