7 ᠴᠠᠭᠳᠠᠭᠠᠨ ᠤ ᠠᠵᠢᠯᠲᠠᠨ ᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠳᠡᠢ ᠬᠡᠷᠡᠭ ᠢ  ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ
ᠨᠡᠶᠢᠲᠡᠯᠡᠭᠰᠡᠨ ᠴᠠᠭ᠄
2023/12/30
      ᠬᠥᠬᠡᠬᠤᠲᠠ ᠶᠢᠨ ᠦᠴᠦᠸᠠᠨ ᠰᠢᠶᠠᠨ ᠤ  ᠲᠣᠮᠢᠯᠠᠭᠰᠠᠨ  ᠰᠠᠯᠪᠤᠷᠢ ᠶᠢᠨ  ᠤᠤᠯ ᠤᠨ  ᠳᠠᠷᠤᠭ᠎ᠠ  ᠸᠠᠩ  ᠣᠪᠣᠭᠲᠤ᠂ ᠤᠤᠯ ᠤᠨ ᠳᠡᠳ᠋ ᠳᠠᠷᠤᠭ᠎ᠠ ᠮᠠ  ᠣᠪᠣᠭᠲᠤ ᠶᠢᠨ  ᠲᠤᠰᠢᠶᠠᠯ  ᠬᠠᠷᠢᠭᠤᠴᠠᠯᠭ᠎ᠠ ᠪᠠᠨ  ᠣᠮᠲᠣᠭᠠᠶᠢᠯᠠᠭᠰᠠᠨ  ᠰᠡᠵᠢᠭᠳᠡᠢ  ᠬᠡᠷᠡᠭ ᠢ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠲᠠᠩᠲᠠᠨ  ᠪᠠᠶᠢᠴᠠᠭᠠᠵᠤ  ᠳᠠᠭᠤᠰᠬᠠᠭᠠᠳ  ᠬᠢᠨᠠᠨ  ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ︔

      ᠦᠬᠠᠶ  ᠬᠤᠲᠠ ᠶᠢᠨ  ᠳᠣᠲᠣᠭᠠᠳᠤ ᠶᠢ  ᠬᠠᠮᠠᠭᠠᠯᠠᠬᠤ  ᠲᠣᠪᠴᠢᠶ᠎ᠠ ᠶᠢᠨ  ᠬᠠᠶᠢᠷᠤᠪ ᠤᠨ  ᠲᠣᠬᠤᠶ  ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠹᠸᠡᠭ 

ᠬᠤᠸᠠᠩ ᠯᠢᠩ ᠤᠨ ᠲᠣᠮᠢᠯᠠᠭᠰᠠᠨ ᠰᠠᠯᠪᠤᠷᠢ ᠶᠢᠨ  ᠤᠤᠯ ᠤᠨ  ᠳᠠᠷᠤᠭ᠎ᠠ  ᠸᠠᠩ  ᠣᠪᠣᠭᠲᠤ ᠬᠤᠪᠢ ᠶᠢᠨ ᠨᠠᠶᠢᠷ ᠬᠠᠷᠠᠵᠤ  ᠬᠠᠤᠯᠢ  ᠴᠠᠭᠠᠵᠠ ᠶᠢ  

ᠭᠠᠵᠢᠭᠤᠳᠠᠭᠤᠯᠤᠭᠰᠠᠨ᠂  ᠬᠡᠭᠡᠯᠢ  ᠢᠳᠡᠭᠰᠡᠨ᠂  ᠵᠣᠭᠤᠰ  ᠤᠬᠢᠶᠠᠭᠰᠠᠨ ᠰᠡᠵᠢᠭᠳᠡᠢ ᠬᠡᠷᠡᠭ᠂ ᠳ᠋ᠠᠴᠢᠩ  ᠵᠠᠮ ᠤᠨ  ᠲᠣᠮᠢᠯᠠᠭᠰᠠᠨ  ᠰᠠᠯᠪᠤᠷᠢ ᠶᠢᠨ  ᠤᠤᠯ ᠤᠨ  ᠳᠡᠳ᠋  

ᠳᠠᠷᠤᠭ᠎ᠠ  ᠵᠢᠶᠠ  ᠣᠪᠣᠭᠲᠤ ᠶᠢᠨ ᠬᠤᠪᠢ ᠶᠢᠨ ᠨᠠᠶᠢᠷ ᠬᠠᠷᠠᠵᠤ ᠬᠠᠤᠯᠢ ᠴᠠᠭᠠᠵᠠ ᠶᠢ ᠭᠠᠵᠢᠭᠤᠳᠠᠭᠤᠯᠤᠭᠰᠠᠨ ᠰᠡᠵᠢᠭᠳᠡᠢ ᠬᠡᠷᠡᠭ ᠢ ᠦᠬᠠᠶ ᠬᠤᠲᠠ ᠶᠢᠨ ᠠᠷᠠᠳ ᠤᠨ

ᠪᠠᠶᠢᠴᠠᠭᠠᠬᠤ ᠬᠤᠷᠢᠶ᠎ᠠ ᠠᠴᠠ ᠲᠤᠷᠰᠢᠨ ᠪᠠᠶᠢᠴᠠᠭᠠᠵᠤ ᠳᠠᠭᠤᠰᠬᠠᠭᠠᠳ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ︔

     ᠣᠷᠳᠣᠰ ᠤᠨ ᠭᠢᠨᠳᠠᠨ ᠤ ᠤᠤᠯ ᠤᠨ ᠳᠡᠳ᠋ ᠭᠢᠨᠳᠠᠨ ᠤ ᠳᠠᠷᠤᠭ᠎ᠠ ᠵᠦ ᠣᠪᠣᠭᠲᠤ᠂ ᠤᠤᠯ ᠤᠨ ᠠᠷᠠᠳ ᠤᠨ ᠴᠠᠭᠳᠠᠭ᠎ᠠ ᠵᠠᠩ  ᠣᠪᠣᠭᠲᠤ ᠶᠢᠨ  ᠲᠤᠰᠢᠶᠠᠯ  

ᠬᠠᠷᠢᠭᠤᠴᠠᠯᠭ᠎ᠠ ᠪᠠᠨ  ᠣᠮᠲᠣᠭᠠᠶᠢᠯᠠᠭᠰᠠᠨ  ᠰᠡᠵᠢᠭᠳᠡᠢ  ᠬᠡᠷᠡᠭ ᠢ  ᠣᠷᠳᠣᠰ  ᠬᠤᠲᠠ ᠵᠢᠨ‌ᠠᠷᠠᠳ ᠤᠨ ᠪᠠᠶᠢᠴᠠᠭᠠᠬᠤ ᠬᠤᠷᠢᠶ᠎ᠠ ᠠᠴᠠ ᠲᠠᠩᠲᠠᠨ ᠪᠠᠶᠢᠴᠠᠭᠠᠵᠤ 

ᠳᠠᠭᠤᠰᠬᠠᠭᠠᠳ ᠬᠢᠨᠠᠨ ᠪᠠᠶᠢᠴᠠᠭᠠᠯᠭᠠᠵᠤ  ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ︔

     ᠤᠯᠠᠭᠠᠨᠬᠠᠳᠠ ᠶᠢᠨ ᠭᠢᠨᠳᠠᠨ ᠤ ᠤᠤᠯ ᠤᠨ ᠠᠷᠠᠳ ᠤᠨ ᠴᠠᠭᠳᠠᠭ᠎ᠠ ᠠ᠊ ᠣᠪᠣᠭᠲᠤ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠡᠷᠡᠭᠦᠦ 

ᠰᠢᠢᠳᠭᠡᠯ ᠢ ᠬᠠᠰᠤᠭᠰᠠᠨ ᠰᠡᠵᠢᠭᠳᠡᠢ ᠬᠡᠷᠡᠭ ᠢ ᠣᠷᠳᠣᠰ ᠬᠤᠲᠠ ᠶᠢᠨ  ᠠᠷᠠᠳ ᠤᠨ  ᠪᠠᠶᠢᠴᠠᠭᠠᠬᠤ ᠬᠤᠷᠢᠶ᠎ᠠ ᠠᠴᠠ ᠲᠠᠩᠲᠠᠨ ᠪᠠᠶᠢᠴᠠᠭᠠᠵᠤ ᠳᠠᠭᠤᠰᠬᠠᠭᠠᠳ ᠬᠢᠨᠠᠨ 

ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃    

 

 

ᠢᠷᠡᠯᠲᠡ᠄ ᠠᠷᠠᠳ ᠤᠨ ᠰᠦᠯᠵᠢᠶ᠎ᠠ