ᠱᠠᠩ ᠲᠠᠯᠪᠢᠵᠦ ᠨᠡᠬᠡᠮᠵᠢᠯᠡᠨ ᠪᠠᠷᠢᠪᠴᠢᠯᠠᠬᠤ ᠪᠠᠷ ᠵᠠᠷᠯᠠᠪᠠ︕ ᠡᠨᠡ 10 ᠬᠥᠮᠦᠨ ᠢ ᠤᠯᠵᠤ ᠦᠵᠡᠪᠡᠯ ᠪᠠᠷᠢᠨ ᠳᠣᠣᠷ᠎ᠠ ᠨᠢ ᠴᠠᠭᠳᠠᠭ᠎ᠠ ᠳᠤ ᠮᠡᠳᠡᠭᠦᠯᠦᠭᠡᠷᠡᠢ
ᠨᠡᠶᠢᠲᠡᠯᠡᠭᠰᠡᠨ ᠴᠠᠭ᠄
2023/12/30
        ᠰᠤᠷᠪᠤᠯᠵᠢᠯᠠᠭᠴᠢ 12 ᠰᠠᠷ᠎ᠠ ᠶᠢᠨ 28 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ  ᠢᠶᠠᠷ᠂ ᠪᠢᠷᠮᠠ ᠶᠢᠨ ᠬᠤᠶᠢᠲᠤ ᠬᠡᠰᠡᠭ ᠤᠨ ᠭᠠᠵᠠᠷ ᠣᠷᠣᠨ ᠤ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠤᠯᠠᠮ ᠴᠢᠨᠠᠬᠰᠢᠳᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠢᠯᠢ ᠶᠢᠨ ᠭᠠᠳᠠᠨᠠᠬᠢ ᠬᠤᠤᠷᠲᠤ  ᠡᠳ᠋  ᠮᠠᠨ ᠤ  ᠤᠯᠤᠰ ᠲᠤ  ᠨᠡᠪᠴᠢᠨ  ᠣᠷᠣᠵᠤ ᠢᠷᠡᠬᠦ ᠶᠢ ᠪᠥᠬᠦ ᠬᠦᠴᠦ ᠪᠠᠷ ᠢᠶᠠᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠷᠡᠭᠦᠯ  ᠮᠡᠨᠳᠦ  ᠪᠠ  ᠡᠳ᠋  ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ   ᠨᠢ ᠬᠠᠮᠢᠶ᠎ᠠ ᠪᠥᠬᠦᠶ ᠶᠠᠯ᠎ᠠ ᠬᠢᠭᠰᠡᠨ ᠪᠣᠳᠠᠲᠤ ᠬᠡᠷᠡᠭ ᠪᠠ ᠭᠡᠷᠡᠴᠢ ᠪᠠᠷᠢᠮᠲᠠ ᠶᠢ ᠬᠦᠢᠴᠡᠳ ᠡᠵᠡᠮᠰᠢᠭᠰᠡᠨ  ᠰᠠᠭᠤᠷᠢᠨ  ᠳᠡᠭᠡᠷ᠎ᠡ᠂  ᠵᠠᠩ ᠠᠨ ᠯᠦᠩ᠂ ᠽᠧᠩ ᠰᠢᠶᠤᠤ ᠶᠦᠩ ᠵᠡᠷᠭᠡ ᠪᠢᠷᠮᠠ ᠶᠢᠨ ᠬᠤᠶᠢᠲᠤ  ᠬᠡᠰᠡᠭ ᠤᠨ ᠭᠠᠵᠠᠷ  ᠣᠷᠣᠨ ᠳᠤ  ᠨᠢᠭᠤᠭᠳᠠᠵᠤ  ᠪᠠᠶᠢᠭ᠎ᠠ ᠬᠤᠤᠷᠲᠤ ᠡᠳ᠋ ᠲᠤ ᠬᠤᠯᠪᠣᠭᠳᠠᠭᠰᠠᠨ 10 ᠣᠷᠭᠤᠳᠤᠤᠯ  ᠬᠡᠷᠡᠭᠲᠡᠨ ᠢ  ᠡᠷᠲᠡ ᠨᠢᠭᠡᠨ ᠡᠳᠦᠷ  ᠨᠡᠭᠡᠮᠵᠢᠯᠡᠨ  ᠪᠠᠷᠢᠪᠴᠢᠯᠠᠵᠦ ᠰᠢᠬᠦᠯᠳᠡ  ᠳᠤ ᠲᠤᠰᠢᠶᠠᠬᠤ ᠪᠠᠷ ᠢᠯᠡ ᠪᠠᠷ ᠱᠠᠩ ᠲᠠᠯᠪᠢᠵᠦ ᠨᠡᠬᠡᠮᠵᠢᠯᠡᠨ ᠪᠠᠷᠢᠪᠴᠢᠯᠠᠬᠤ ᠪᠠᠷ  ᠵᠠᠷᠯᠠᠵᠤ᠂  ᠮᠠᠨ ᠤ  ᠤᠯᠤᠰ ᠤᠨ ᠨᠡᠶᠢᠭᠡᠮ ᠤᠨ ᠲᠣᠭᠲᠠᠭᠤᠨ ᠪᠠᠶᠢᠳᠠᠯ ᠢ  ᠣᠷᠳᠣ  ᠬᠤᠭᠤᠴᠠᠭ᠎ᠠ ᠪᠠᠷ  ᠬᠤᠬᠢᠷᠠᠭᠤᠯᠤᠭᠰᠠᠨ  ᠬᠢᠯᠢ ᠶᠢᠨ  ᠭᠠᠳᠠᠨᠠᠬᠢ  ︽ᠬᠤᠤᠷᠳᠤ ᠬᠠᠪᠤᠳᠡᠷ︾  ᠢ ᠡᠷᠡᠰ ᠠᠷᠢᠯᠭᠠᠬᠤ  ᠪᠠᠷ ᠪᠠᠶᠢᠨ᠎ᠠ᠃

        ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠩ ᠠᠨ ᠯᠦᠩ᠂ ᠽᠧᠩ ᠰᠢᠶᠤᠤ ᠶᠦᠩ ᠵᠡᠷᠭᠡ ᠶᠠᠯ᠎ᠠ ᠬᠢᠭᠰᠡᠨ ᠰᠡᠵᠢᠭᠳᠡᠨ ᠢ  ᠪᠠᠶᠢᠳᠠᠯ ᠢ  ᠲᠣᠳᠣᠷᠬᠠᠢ  

ᠲᠠᠨᠢᠵᠤ᠂   ᠰᠠᠨᠠᠭᠠᠴᠢᠯᠠᠭ᠎ᠠ ᠠᠴᠠ ᠪᠠᠨ ᠪᠡᠶ᠎ᠡ ᠪᠠᠨ ᠲᠤᠰᠢᠶᠠᠵᠤ᠂ ᠠᠭᠤᠴᠢᠯᠠᠨ ᠰᠢᠢᠳᠪᠦᠷᠢᠯᠡᠬᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠵᠡᠷᠭᠡᠪᠡᠷ᠂ 

ᠨᠡᠶᠢᠭᠡᠮ ᠤᠨ ᠡᠯ᠎ᠡ ᠡᠲᠡᠭᠡᠳ  ᠪᠣᠯᠤᠨ ᠥᠷᠭᠡᠨ ᠤᠯᠠᠨ ᠠᠷᠠᠳ  ᠲᠦᠮᠡᠨ  ᠶᠠᠯ᠎ᠠ  ᠬᠢᠭᠰᠡᠨ  ᠰᠡᠵᠢᠭᠳᠡᠨ  ᠢ ᠢᠳᠡᠪᠬᠢᠲᠡᠢ ᠪᠠᠷ ᠢᠯᠡᠴᠢᠯᠡᠨ  ᠮᠡᠳᠡᠭᠦᠯᠵᠦ᠂  ᠬᠠᠮᠵᠢᠨ

ᠪᠠᠷᠢᠪᠴᠢᠯᠠᠬᠤ ᠶᠢ ᠬᠦᠰᠡᠵᠦ ᠪᠠᠶᠢᠨ᠎ᠠ᠃ ᠪᠦᠲᠦᠮᠵᠢᠲᠡᠶ ᠰᠦᠪᠡᠭᠴᠢ ᠬᠠᠩᠭᠠᠭᠰᠠᠨ ᠪᠠ ᠬᠠᠮᠵᠢᠨ  ᠪᠠᠷᠢᠪᠴᠢᠯᠠᠭᠰᠠᠨ ᠭᠠᠪᠢᠶ᠎ᠠ ᠲᠠᠢ ᠬᠥᠮᠦᠰ ᠲᠤ ᠳᠣᠲᠣᠭᠠᠳᠤ ᠶᠢ 

ᠬᠠᠮᠠᠭᠠᠯᠠᠬᠤ ᠪᠠᠶᠢᠭᠤᠯᠭ᠎ᠠ  ᠠᠴᠠ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠤᠨ ᠠᠷᠠᠳ ᠤᠨ ᠵᠣᠭᠤᠰ ᠱᠠᠩᠨᠠᠨ᠎ᠠ ᠬᠡᠪᠡ᠃    

 

 

ᠢᠷᠡᠯᠲᠡ᠄ ᠠᠷᠠᠳ ᠤᠨ ᠰᠦᠯᠵᠢᠶ᠎ᠠ