ᠠᠷᠠᠳ ᠢᠷᠭᠡᠳ 《 ᠭᠡᠷ ᠤᠨ ᠢᠶᠠᠨ ᠡᠭᠦᠳᠡᠨ》ᠳᠤ ᠤᠯᠤᠰ ᠤᠨ ᠲᠠᠰ ᠤᠨ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ ᠪᠣᠯᠣᠨ᠎ᠠ
  
2023/2/10
          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠵᠢᠯᠴᠠᠬᠤ ᠲᠥᠪ ᠠᠴᠠ ᠲᠣᠰ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠠᠰᠠᠷ ᠤᠨ C ᠠᠰᠠᠷ ᠲᠤ ᠫᠠᠶᠢᠰᠠ ᠡᠯᠭᠦᠵᠦ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠠᠩᠬᠠᠨ ᠤ ᠪᠦᠯᠦᠭ ᠡᠮᠴᠢᠯᠡᠭᠡᠨ ᠤ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠪᠠᠶᠢᠩᠭᠤ ᠰᠠᠭᠤᠬᠤ ᠪᠠᠷ ᠪᠣᠯᠪᠠ᠃ ᠮᠠᠨ ᠤ ᠣᠷᠣᠨ ᠤ ᠠᠷᠠᠳ ᠢᠷᠭᠡᠳ 《 ᠭᠡᠷ ᠤᠨ ᠢᠶᠠᠨ ᠡᠭᠦᠳᠡᠨ》 ᠳᠤ ᠣᠶᠢᠷ᠎ᠠ ᠬᠠᠪᠢ ᠳᠤ ᠪᠠᠨ ᠤᠯᠤᠰ ᠤᠨ ᠲᠠᠰ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠣᠯᠣᠨ᠎ᠠ᠃          ᠣᠶᠢᠯᠠᠭᠠᠭᠰᠠᠨ ᠢᠶᠠᠷ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠴᠢᠨᠠᠷ ᠰᠠᠶᠢᠲᠠᠢ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠵᠤ᠂ 《 ᠬᠦᠨᠳᠦ ᠡᠪᠡᠳᠴᠢᠨ ᠢ ᠡᠮᠨᠡᠬᠦ ᠳᠤ ᠣᠷᠣᠨ ᠠᠴᠠ ᠪᠠᠨ ᠭᠠᠷᠬᠤ ᠦᠭᠡᠢ 》 ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ 2022 ᠣᠨ ᠤ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠬᠠᠮᠲᠤᠷᠠᠨ ᠪᠠᠶᠢᠭᠤᠯᠬᠤ ᠵᠥᠪᠯᠡᠯᠴᠡᠭᠡᠷ ᠲᠣᠭᠲᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠣᠳᠣᠬᠠᠨ ᠤ ᠡᠬᠢ ᠪᠠᠶᠠᠯᠢᠭ ᠲᠤ ᠪᠠᠨ ᠲᠦᠰᠢᠭᠯᠡᠨ᠂ ᠲᠤᠰᠠᠭᠠᠷ ᠣᠷᠣᠨ ᠲᠠᠯᠠᠪᠤᠷ ᠬᠠᠩᠭᠠᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠵᠢᠯᠴᠠᠬᠤ ᠲᠥᠪ ᠢ ᠪᠠᠶᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠳᠣᠲᠣᠷ ᠰᠠᠯᠠᠭ᠎ᠠ᠂ ᠡᠩ ᠤᠨ ᠭᠠᠳᠠᠷ ᠰᠠᠯᠠᠭ᠎ᠠ᠂ ᠰᠢᠭᠡᠰᠦ ᠰᠢᠭᠦᠷᠡᠭᠦᠯᠬᠦ ᠭᠠᠳᠠᠷ ᠰᠠᠯᠠᠭᠠᠨ ᠤ ᠡᠬᠢ ᠪᠠᠶᠠᠯᠢᠭ ᠢ ᠨᠡᠶᠢᠳᠬᠡᠵᠦ᠂ ᠨᠡᠶᠢᠲᠡ 300 ᠭᠠᠷᠤᠢ ᠡᠪᠡᠳᠴᠢᠲᠡᠨ ᠤ ᠣᠷᠣ ᠲᠣᠬᠢᠷᠠᠭᠤᠯᠵᠤ᠂ ᠡᠪᠡᠳᠴᠢᠨ ᠤ ᠵᠦᠢ ᠪᠠ ᠳᠦᠷᠰᠦ ᠰᠢᠩᠭᠡᠭᠡᠯᠲᠡ ᠪᠠᠷ ᠲᠤᠯᠭᠠᠭᠤᠷᠢᠯᠠᠯ ᠪᠣᠯᠭᠠᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠲᠣᠮᠢᠯᠠᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠲᠠᠢ ᠬᠠᠮᠲᠤᠷᠠᠵᠤ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ ᠪᠠᠷ ᠪᠤᠢ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠬᠤ ᠶᠠᠪᠤᠴᠠ ᠳᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ᠂ ᠡᠩ ᠤᠨ ᠭᠠᠳᠠᠷ ᠰᠠᠯᠠᠭ᠎ᠠ ᠪᠠ ᠰᠢᠭᠡᠰᠦ ᠰᠢᠭᠦᠷᠡᠭᠦᠯᠬᠦ ᠰᠢᠰᠲ᠋ᠧᠮ ᠤᠨ ᠡᠪᠡᠳᠴᠢᠨ ᠡᠮᠭᠡᠭ ᠵᠡᠷᠭᠡ ᠲᠠᠯ᠎ᠠ ᠪᠠᠷ ᠬᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠨ ᠡᠮᠨᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠵᠢᠭᠠᠨ ᠰᠤᠷᠭᠠᠯᠲᠠ ᠥᠷᠨᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠡᠷᠭᠡᠵᠢᠯ᠂ ᠬᠠᠮᠢᠶᠠᠷᠤᠯᠲᠠ ᠪᠣᠯᠣᠨ ᠨᠡᠷᠡᠲᠦ ᠲᠡᠮᠳᠡᠭ 《 ᠭᠤᠷᠪᠠ ᠶᠢ ᠲᠡᠭᠰᠢ ᠪᠠᠷ ᠰᠢᠯᠵᠢᠭᠦᠯᠬᠦ》᠎ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠦᠬᠦᠯᠢ ᠴᠣᠭᠴᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠤ ᠳᠡᠭᠡᠭᠰᠢᠯᠡᠯᠲᠡ ᠶᠢ ᠲᠠᠶᠢᠴᠢᠯᠠᠨ᠎ᠠ᠃      
          