ᠡᠨᠡ ᠵᠢᠯ ᠥᠪᠥᠷ ᠮᠣᠩᠭᠤᠯ 《ᠮᠣᠩᠭᠤᠯ 》 ᠦᠰᠦᠭᠲᠦ ᠲᠡᠮᠳᠡᠭ ᠲᠠᠢ ᠠᠵᠤ ᠠᠬᠤᠶᠢᠯᠠᠯ ᠢ 150 ᠭᠠᠷᠤᠢ ᠪᠣᠶᠢᠵᠢᠭᠤᠯᠬᠤ ᠪᠠᠷ ᠪᠣᠶ
  
2023/2/10
         ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ《ᠮᠣᠩᠭᠤᠯ 》 ᠦᠰᠦᠭᠲᠦ ᠲᠡᠮᠳᠡᠭ ᠤᠨ ᠭᠡᠷᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠭᠡᠷᠡᠴᠢᠯᠡᠯᠲᠡ ᠶᠢᠨ ᠪᠠᠷᠢᠮᠵᠢᠶ᠎ᠠ ᠶᠢ ᠰᠤᠳᠤᠯᠤᠨ ᠦᠶᠯᠡᠳᠬᠦ ᠶᠢ ᠠᠬᠢᠭᠤᠯᠤᠨ᠂ ᠦᠨᠡᠮᠯᠡᠯ ᠣᠯᠣᠭᠰᠠᠨ ᠠᠵᠤ ᠠᠬᠤᠶᠢᠯᠠᠯ ᠪᠠ ᠦᠢᠯᠡᠳᠬᠦᠨ ᠤ ᠲᠤᠭ᠎ᠠ ᠬᠡᠮᠵᠢᠶ᠎ᠡ ᠶᠢ ᠥᠷᠭᠡᠳᠬᠡᠵᠦ᠂ ᠡᠨᠡ ᠵᠢᠯ 25 ᠭᠡᠷᠡᠴᠢᠯᠡᠯᠲᠡ ᠶᠢᠨ ᠪᠠᠷᠢᠮᠵᠢᠶ᠎ᠠ ᠶᠢ ᠰᠤᠳᠤᠯᠤᠨ ᠦᠢᠯᠡᠳᠴᠦ᠂ 150 ᠠᠴᠠ ᠳᠡᠭᠡᠭᠰᠢ ᠠᠵᠤ ᠠᠬᠤᠶᠢᠯᠠᠯ ᠢ ᠪᠣᠶᠢᠵᠢᠭᠤᠯᠤᠨ᠂ ᠦᠨᠡᠮᠯᠡᠯ ᠣᠯᠣᠭᠰᠠᠨ ᠠᠵᠤ ᠠᠬᠤᠶᠢᠯᠠᠯ ᠢ 45 ᠳᠤ ᠬᠦᠷᠦᠭᠦᠯᠵᠦ᠂ ᠭᠡᠷᠡᠴᠢᠯᠡᠯᠲᠡ ᠶᠢᠨ ᠦᠢᠯᠡᠳᠬᠦᠨ ᠤ ᠲᠥᠷᠥᠯ ᠵᠦᠢᠯ ᠢ 200 ᠳᠤ ᠬᠦᠷᠦᠭᠦᠯᠬᠦ ᠪᠠᠷ ᠲᠥᠯᠥᠪᠯᠡᠵᠦ ᠪᠣᠶ᠃        3 ᠵᠢᠯ ᠭᠠᠷᠤᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ 《ᠮᠣᠩᠭᠤᠯ 》 ᠦᠰᠦᠭᠲᠦ ᠲᠡᠮᠳᠡᠭ ᠤᠨ ᠭᠡᠷᠡᠴᠢᠯᠡᠯ ᠨᠢ ᠥᠪᠥᠷ ᠮᠣᠩᠭᠤᠯ ᠤᠨ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ ᠭᠡᠷᠡᠴᠢᠯᠡᠯ ᠤᠨ ᠨᠠᠷᠠᠲᠤ ᠲᠡᠮᠳᠡᠭ ᠪᠣᠯᠵᠤ᠂ ᠦᠨᠡᠮᠯᠡᠯ ᠣᠯᠣᠭᠰᠠᠨ ᠠᠵᠤ ᠠᠬᠤᠶᠢᠯᠠᠯ ᠨᠢ《ᠮᠣᠩᠭᠤᠯ 》 ᠦᠰᠦᠭᠲᠦ ᠲᠡᠮᠳᠡᠭ ᠤᠨ ᠭᠡᠷᠡᠴᠢᠯᠡᠯ ᠤᠨ ᠨᠠᠷᠠᠲᠤ ᠲᠡᠮᠳᠡᠭ ᠤᠨ ᠲᠣᠭᠤᠷᠢᠨ ᠳᠤ ᠬᠡᠯᠬᠢᠶᠡᠵᠢᠯ ᠢᠶᠠᠨ ᠤᠯᠠᠮ ᠨᠢᠭᠡ ᠠᠯᠬᠤᠮ ᠤᠷᠲᠤᠳᠬᠠᠨ ᠨᠥᠬᠦᠪᠦᠷᠢᠯᠡᠵᠦ᠂ ᠦᠳᠲᠡᠷ ᠲᠦᠷᠭᠡᠨ ᠢᠶᠠᠷ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠲᠧᠭᠨᠢᠭᠵᠢᠭᠰᠡᠨ ᠬᠥᠭᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠶᠢ ᠥᠰᠬᠡᠬᠦ ᠴᠢᠳᠠᠪᠤᠷᠢ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠨᠢ ᠢᠯᠡᠳᠲᠡ ᠳᠡᠭᠡᠭᠰᠢᠯᠡᠪᠡ᠃         ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 5 ᠲᠠᠯ᠎ᠠ ᠠᠴᠠ ᠭᠠᠷᠳᠠᠵᠤ᠂《ᠮᠣᠩᠭᠤᠯ 》 ᠦᠰᠦᠭᠲᠦ ᠲᠡᠮᠳᠡᠭ ᠢ ᠡᠭᠦᠳᠬᠦ ᠪᠠᠨ ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠰᠠᠶᠢᠨ ᠦᠢᠯᠡᠳᠬᠦᠨ ᠢ ᠰᠠᠶᠢᠨ ᠨᠠᠷᠠᠲᠤ ᠲᠡᠮᠳᠡᠭ ᠪᠣᠯᠭᠠᠬᠤ ᠪᠠᠷ ᠪᠣᠢ᠃ ᠡᠭᠦᠨ ᠳᠤ《ᠮᠣᠩᠭᠤᠯ 》 ᠦᠰᠦᠭᠲᠦ ᠲᠡᠮᠳᠡᠭ ᠢᠶᠠᠷ ᠲᠤᠯᠭᠠᠭᠤᠷᠢᠯᠠᠯ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠭᠡᠷᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂《ᠮᠣᠩᠭᠤᠯ 》 ᠦᠰᠦᠭᠲᠦ ᠲᠡᠮᠳᠡᠭ ᠤᠨ ᠭᠡᠷᠡᠴᠢᠯᠡᠯᠲᠡ ᠶᠢᠨ《 ᠲᠠᠪᠤᠨ ᠶᠡᠭᠡ ᠲᠣᠭᠲᠠᠯᠴᠠᠭ᠎ᠠ 》᠎ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠪᠠ《ᠮᠣᠩᠭᠤᠯ 》 ᠦᠰᠦᠭᠲᠦ ᠲᠡᠮᠳᠡᠭ ᠤᠨ ᠨᠠᠷᠠᠲᠤ ᠲᠡᠮᠳᠡᠭ ᠤᠨ ᠤᠬᠠᠭᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠦᠨᠡᠯᠡᠬᠦ ᠲᠣᠭᠲᠠᠯᠴᠠᠭ᠎ᠠ ᠶᠢ ᠰᠤᠳᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ 《 ᠨᠠᠷᠠᠲᠤ ᠲᠡᠮᠳᠡᠭ ᠤᠨ ᠵᠢᠭᠰᠠᠭᠠᠯᠲᠠ》《ᠮᠣᠩᠭᠤᠯ 》᠎ ᠶᠢ ᠨᠡᠶᠢᠲᠡᠯᠡᠨ᠎ᠡ᠃ ᠨᠠᠷᠠᠲᠤ ᠲᠡᠮᠳᠡᠭ ᠤᠨ ᠬᠠᠤᠯᠢ ᠬᠡᠷᠡᠭᠵᠢᠭᠦᠯᠦᠯᠲᠡ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠥᠪᠥᠷ ᠮᠣᠩᠭᠤᠯ ᠤᠨ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠬᠥᠮᠥᠨ ᠰᠣᠶᠣᠯ ᠤᠨ ᠳᠠᠪᠠᠭᠤᠯᠢᠭ ᠢ ᠦᠨᠡᠨ ᠬᠦ ᠨᠠᠷᠠᠲᠤ ᠲᠡᠮᠳᠡᠭ ᠤᠨ ᠳᠠᠪᠠᠭᠤᠯᠢᠭ ᠪᠣᠯᠭᠠᠨ ᠤᠯᠠᠷᠢᠭᠤᠯᠵᠤ᠂《ᠮᠣᠩᠭᠤᠯ 》 ᠦᠰᠦᠭᠲᠦ ᠲᠡᠮᠳᠡᠭ ᠢ ᠥᠪᠥᠷ ᠮᠣᠩᠭᠤᠯ ᠤᠨ ᠠᠮᠢ ᠠᠬᠤᠢ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ 《 ᠳᠥᠯᠥᠭᠡᠨ ᠤ ᠨᠡᠷ᠎ᠡ 》 ᠪᠣᠯᠭᠠᠵᠤ᠂ 《 ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠴᠢᠩ ᠤᠨ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠰᠠᠶᠢᠬᠠᠨ ᠠᠮᠲᠠ》᠎ ᠶᠢ ᠤᠯᠠᠮ ᠠᠴᠠ ᠤᠯᠠᠮ ᠳᠠᠭᠤᠷᠢᠰᠬᠠᠨ᠎ᠠ᠃      
          