| ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠨᠢ ᠬᠡᠵᠢᠶᠡᠳᠡ ᠨᠡᠩ ᠤᠯᠠᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠪᠣᠶᠢᠵᠢᠯᠲᠠ ᠬᠥᠭᠵᠢᠯᠲᠡ ᠶᠢ ᠠᠬᠢᠭᠤᠯᠬᠤ | ᠪᠠ ᠳᠡᠮᠵᠢᠬᠦ ᠶᠢᠨ ᠵᠠᠩᠭᠢᠯᠠᠭ᠎ᠠ ᠪᠣᠯᠣᠨ᠎ᠠ᠃ 2 ᠳ᠋ᠤᠭᠠᠷ | ᠰᠠᠷ᠎ᠠ ᠶᠢᠨ 8 ᠤ ᠡᠳᠦᠷ ᠂ ᠰᠤᠷᠪᠤᠯᠵᠢᠯᠠᠭᠴᠢ ᠪᠥᠬᠦ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ | ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠤᠷᠠᠯ ᠠᠴᠠ ᠣᠶᠢᠯᠠᠭᠠᠭᠰᠠᠨ ᠢᠶᠠᠷ ᠂ | 5 ᠵᠢᠯ ᠤᠨ ᠲᠤᠷᠰᠢ ᠂ ᠮᠠᠨ ᠤ ᠣᠷᠣᠨ ᠤ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ | ᠤᠯᠠᠮ ᠨᠢᠭᠡ ᠠᠯᠬᠤᠮ ᠪᠠᠳᠠᠷᠠᠵᠤ ᠂ 2022 ᠣᠨ ᠤ ᠡᠴᠦᠰ ᠪᠣᠯᠲᠠᠯ᠎ᠠ | ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ 253 | ᠲᠦᠮᠡᠨ ᠡᠷᠦᠬᠡ ᠪᠣᠯᠣᠨ ᠬᠥᠭᠵᠢᠵᠦ ᠂ 2017 ᠣᠨ ᠤ ᠬᠢ ᠠᠴᠠ 35. | 99% ᠪᠠᠷ ᠨᠡᠮᠡᠭᠳᠡᠪᠡ ᠃ ᠢᠯᠠᠩᠭᠤᠶ᠎ᠠ 2022 ᠣᠨ ᠤ ᠠᠵᠤ | ᠠᠬᠤᠢ ᠶᠢᠨ ᠪᠠᠭᠤᠷᠠᠯᠲᠠ ᠶᠢᠨ ᠳᠠᠷᠤᠭᠠᠰᠤ ᠨᠡᠯᠢᠶᠡᠳ ᠶᠡᠭᠡ | ᠪᠠᠶᠢᠳᠠᠯ ᠤᠨ ᠳᠣᠣᠷ᠎ᠠ ᠂ ᠪᠦᠬᠦ ᠵᠢᠯ ᠤᠨ ᠰᠢᠨ᠎ᠡ ᠪᠠᠷ | ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 36. | 84 ᠲᠦᠮᠡᠨ ᠡᠷᠦᠬᠡ ᠳᠤ ᠬᠦᠷᠴᠡᠢ ᠃ | 2022 ᠣᠨ ᠳᠤ ᠮᠠᠨ ᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ | ᠠᠵᠤ ᠠᠬᠤᠶᠢᠯᠠᠯ ᠨᠡᠭᠡᠭᠡᠨ ᠡᠷᠬᠢᠯᠡᠬᠦ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠪᠠ | ᠵᠠᠬ᠎ᠠ ᠳᠡᠯᠭᠡᠭᠦᠷ ᠤᠨ ᠠᠷᠠᠳ ᠲᠤ ᠲᠦᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠶᠢ ᠰᠠᠭᠠᠳ ᠦᠭᠡᠢ | ᠨᠡᠪᠲᠡᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ | 90 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ ᠃ | ᠦᠨᠡᠮᠯᠡᠯ ᠭᠡᠷᠡᠴᠢ ᠶᠢ ᠰᠠᠯᠭᠠᠬᠤ ᠂ ᠠᠵᠢᠯ ᠵᠣᠭᠰᠣᠭᠠᠬᠤ ᠳᠦᠷᠢᠮ | ᠵᠡᠷᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ ᠂ ᠦᠨᠡᠨ | ᠨᠡᠷ᠎ᠡ ᠶᠢᠨ ᠳᠦᠷᠢᠮ ᠶᠢᠨ ᠳᠠᠩᠰᠠᠯᠠᠯᠲᠠ ᠪᠠ ᠡᠵᠡᠩᠨᠡᠬᠦ | ᠬᠡᠪᠴᠢᠶ᠎ᠡ ᠶᠢᠨ ᠵᠢᠷᠤᠮᠵᠢᠭᠤᠯᠤᠯᠲᠠ ᠶᠢ ᠪᠦᠬᠦ ᠲᠠᠯ᠎ᠠ ᠪᠠᠷ | ᠳᠡᠯᠭᠡᠷᠡᠭᠦᠯᠵᠦ ᠂ ᠡᠯᠧᠺᠲᠷᠣᠨ ᠡᠵᠡᠩᠨᠡᠯᠲᠡ ᠶᠢᠨ | ᠦᠨᠡᠮᠯᠡᠯ ᠤᠨ ᠤᠯᠠᠨ ᠲᠠᠯ᠎ᠠ ᠶᠢᠨ ᠬᠡᠷᠡᠭᠯᠡᠯᠲᠡ ᠶᠢ | ᠪᠡᠶᠡᠯᠡᠭᠦᠯᠵᠦ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠢᠨᠠᠨ ᠵᠥᠪᠰᠢᠶᠡᠷᠡᠯ ᠢ ᠤᠯᠠᠮ ᠨᠢᠭᠡ | ᠠᠯᠬᠤᠮ ᠳᠥᠭᠦᠮᠴᠢᠯᠡᠪᠡ ᠃ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢ ᠳᠡᠮᠵᠢᠨ ᠬᠦᠴᠢᠷᠳᠡᠯ ᠢ ᠨᠢ | ᠰᠢᠢᠳᠪᠦᠷᠢᠯᠡᠬᠦ 24 ᠵᠦᠢᠯ ᠤᠨ ᠠᠷᠭ᠎ᠠ ᠬᠡᠮᠵᠢᠶ᠎ᠡ ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠳᠡᠮᠵᠢᠬᠦ 7 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 26 ᠵᠦᠢᠯ ᠤᠨ | ᠡᠷᠬᠡ ᠶᠢ ᠪᠠᠭᠠᠰᠬᠠᠬᠤ ᠪᠠ ᠳᠣᠷᠣᠭᠰᠢ ᠪᠠᠭᠤᠯᠭᠠᠵᠤ ᠂ 223 | ᠵᠦᠢᠯ ᠤᠨ ᠮᠠᠲ᠋ᠧᠷᠢᠶᠠᠯ ᠢ ᠴᠣᠮᠬᠠᠳᠬᠠᠨ ᠂ 113 ᠭᠤᠭᠴᠤᠭ᠎ᠠ ᠶᠢ | ᠪᠠᠭᠠᠰᠬᠠᠵᠤ᠂ ᠭᠦᠢᠴᠡᠳᠬᠡᠵᠦ ᠳᠠᠭᠤᠰᠬᠠᠬᠤ ᠴᠠᠭ ᠤᠨ | ᠬᠢᠵᠠᠭᠠᠷ ᠢ 72% ᠢᠶᠠᠷ ᠪᠣᠭᠤᠨᠢᠰᠬᠠᠪᠠ᠂ ᠡᠨᠡ ᠪᠣᠯ | ᠣᠶᠢᠷ᠎ᠠ ᠶᠢᠨ 5 ᠵᠢᠯ ᠤᠨ ᠲᠤᠷᠰᠢᠬᠢ ᠡᠷᠴᠢᠮ ᠢᠶᠠᠷ ᠬᠠᠮᠤᠭ ᠤᠨ | ᠶᠡᠭᠡ ᠥᠭᠡᠷᠡᠴᠢᠯᠡᠯᠲᠡ ᠪᠣᠯᠣᠨ᠎ᠠ ᠃ | ᠡᠨᠡ ᠵᠢᠯ ᠮᠠᠨ ᠤ ᠣᠷᠣᠨ《 ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ | ᠵᠠᠬ᠎ᠠ ᠳᠡᠯᠭᠡᠭᠦᠷ 》 ᠤᠨ ᠭᠤᠷᠪᠠᠨ ᠵᠢᠯ ᠤᠨ | ᠪᠤᠶᠢᠵᠢᠯᠲᠠ ᠶᠢᠨ ᠲᠥᠯᠥᠪᠯᠡᠭᠡ ᠪᠠᠷ ᠶᠡᠷᠦᠩᠬᠡᠢ ᠭᠠᠷᠳᠠᠴᠠ | ᠪᠣᠯᠭᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠦᠷᠭᠦᠯᠵᠢᠯᠡᠨ ᠪᠣᠶᠢᠵᠢᠭᠤᠯᠤᠨ ᠪᠤᠵᠠᠭᠠᠶᠢᠷᠠᠭᠤᠯᠤᠨ᠎ᠠ ᠃ | ᠡᠭᠦᠨ ᠳᠤ ᠵᠢᠱᠢᠭᠰᠡᠨ ᠬᠠᠷᠠᠯᠲᠠ ᠪᠠᠨ ᠵᠦᠢ ᠵᠣᠬᠢᠰᠲᠠᠢ | ᠲᠣᠭᠲᠠᠭᠠᠵᠤ᠂ 2025 ᠣᠨ ᠤ ᠰᠡᠭᠦᠯᠴᠢ ᠪᠣᠯᠬᠤ ᠳᠤ ᠠᠳᠠᠯᠢ ᠪᠤᠰᠤ | ᠠᠵᠢᠯ ᠲᠦᠷᠦᠯ ᠤᠨ ᠠᠳᠠᠯᠢ ᠪᠤᠰᠤ ᠬᠡᠪᠴᠢᠶᠡᠨ ᠤ 《 ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ 》 ᠤᠨ | ᠪᠡᠶᠡᠯᠡᠭᠦᠯᠬᠦ ᠪᠤᠶᠢᠵᠢᠯᠲᠠ ᠶᠢᠨ ᠬᠠᠷᠢᠴᠠᠯ ᠢ | ᠲᠣᠳᠣᠷᠬᠠᠶᠢᠯᠠᠬᠤ ᠶᠢ ᠪᠠᠭᠲᠠᠭᠠᠨ᠎ᠠ ᠃ 《 ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ᠂ ᠲᠤᠰᠬᠠᠢ ᠵᠠᠬ᠎ᠠ ᠳᠡᠯᠭᠡᠭᠦᠷ 》 ᠤᠨ | ᠪᠤᠶᠢᠵᠢᠯᠲᠠ ᠶᠢᠨ ᠳᠤᠮᠳᠠᠬᠢ ᠡᠮᠵᠡᠭᠲᠡᠢ ᠲᠠᠯ᠎ᠠ ᠲᠦᠪᠡᠭᠲᠡᠢ | ᠵᠦᠢᠯ ᠬᠥᠴᠢᠷᠲᠡᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ ᠂ ᠪᠣᠳᠠᠲᠠᠢ ᠶᠢ ᠡᠷᠬᠢᠮᠯᠡᠭᠰᠡᠨ ᠦᠷ᠎ᠡ | ᠪᠦᠲᠦᠮᠵᠢᠲᠡᠢ ᠂ ᠪᠤᠲᠠᠲᠤ ᠬᠡᠷᠡᠭᠴᠡᠭᠡ ᠪᠦᠬᠦᠢ | ᠪᠤᠶᠢᠵᠢᠯᠲᠠ ᠶᠢ ᠲᠡᠳᠬᠦᠨ ᠳᠡᠮᠵᠢᠬᠦ ᠠᠷᠭ᠎ᠠ ᠬᠡᠮᠵᠢᠶ᠎ᠡ | ᠵᠡᠷᠭᠡ ᠶᠢ ᠲᠣᠭᠲᠠᠭᠠᠨ᠎ᠠ ᠃ ᠡᠭᠦᠨ ᠠᠴᠠ ᠭᠠᠳᠠᠨ᠎ᠠ ᠂ ᠡᠨᠡ ᠵᠢᠯ | ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠬᠢᠨ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠤᠭᠤᠯᠬᠤ ᠳᠤ ᠲᠥᠬᠦᠮ | ᠥᠵᠡᠭᠦᠯᠵᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ | ᠬᠦᠴᠦᠨ ᠨᠡᠮᠡᠷᠢᠯᠡᠬᠦ 9 ᠵᠦᠢᠯ ᠤᠨ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ 《 | ᠦᠢᠯᠡᠴᠢᠯᠡᠭᠡ ᠶᠢ ᠰᠢᠯᠢᠳᠡᠭᠵᠢᠭᠦᠯᠬᠦ ᠂ ᠭᠤᠣᠯ ᠴᠣᠭᠴᠠ ᠶᠢ | ᠴᠢᠩᠭᠠᠳᠬᠠᠬᠤ ᠂ ᠬᠥᠭᠵᠢᠯᠲᠡ ᠶᠢ ᠠᠬᠢᠭᠤᠯᠬᠤ 》 10 ᠵᠦᠢᠯ ᠤᠨ | ᠪᠣᠳᠠᠲᠤ ᠶᠠᠪᠤᠳᠠᠯ ᠢ ᠰᠠᠶᠢᠲᠤᠷ ᠠᠳᠬᠤᠵᠤ ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠲᠠᠶᠠᠭᠳᠠᠭᠤᠯᠬᠤ | ᠬᠡᠷᠡᠭᠲᠡᠢ ᠃ | | |