ᠰᠦᠨ ᠱᠤᠤ ᠴᠧᠩ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠪᠡ
  
2023/2/13
          ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠨᠢᠭᠡᠳᠦᠮᠡᠯ ᠹᠷᠣᠨᠲ ᠤᠨ ᠠᠵᠢᠯ ᠳᠤ ᠴᠣᠬᠤᠯᠠᠪᠤᠷᠢ ᠥᠭᠴᠦ᠂ ᠥᠩᠭᠡᠷᠡᠭᠰᠡᠨ ᠨᠢᠭᠡ ᠵᠢᠯ ᠳᠤ᠂ ᠪᠦᠭᠦ ᠣᠷᠣᠨ ᠤ ᠨᠢᠭᠡᠳᠦᠮᠡᠯ ᠹᠷᠣᠨᠲ ᠤᠨ ᠠᠵᠢᠯ ᠰᠢᠨ᠎ᠡ ᠠᠬᠢᠴᠠ ᠲᠠᠢ  ᠪᠣᠯᠵᠤ ᠰᠢᠨ᠎ᠡ ᠦᠷ᠎ᠡ ᠪᠦᠲᠦᠮᠵᠢ ᠣᠯᠵᠤ᠂ ᠥᠷᠭᠡᠨ ᠤᠯᠠᠨ ᠨᠢᠭᠡᠳᠦᠮᠡᠯ ᠹᠷᠣᠨᠲ ᠤᠨ ᠺᠠᠳ᠋ᠷᠴᠤᠳ ᠪᠣᠯᠣᠨ ᠨᠢᠭᠡᠳᠦᠮᠡᠯ ᠹᠷᠣᠨᠲ ᠤᠨ ᠪᠦᠷᠢᠯᠳᠦᠭᠦᠨ ᠨᠠᠷ ᠰᠢᠷᠭᠠᠭᠤ ᠴᠢᠷᠮᠠᠶᠢᠯᠭ᠎ᠠ ᠭᠠᠷᠭᠠᠵᠠᠢ ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠠᠶᠢᠵᠤ᠂ ᠪᠦᠭᠦ ᠣᠷᠣᠨ ᠤ ᠨᠢᠭᠡᠳᠦᠮᠡᠯ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠨ᠂ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠩ ᠰᠠᠶᠢᠲᠤᠷ ᠪᠡᠶᠡᠯᠡᠭᠦᠯᠵᠦ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ》᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠥᠮᠥᠨ ᠤ ᠰᠡᠳᠬᠢᠯ ᠢ ᠨᠢᠭᠲᠠᠷᠠᠭᠤᠯᠤᠨ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ   ᠨᠠᠮ ᠤᠨ ᠤᠳᠤᠷᠢᠳᠬᠤ ᠳᠤᠭᠤᠶᠢᠯᠠᠩ  ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃          2 ᠰᠠᠷ᠎ᠠ ᠶᠢᠨ 10᠎ ᠤ ᠡᠳᠦᠷ᠂ ᠪᠦᠭᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠡᠭᠡᠷ᠎ᠡ ᠰᠦᠨ ᠱᠤᠤ ᠴᠧᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠪᠦᠭᠦ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ 《 ᠬᠤᠶᠠᠷ ᠢ ᠲᠣᠭᠲᠠᠭᠠᠭᠰᠠᠨ》᠎ ᠢ ᠡᠷᠡᠰ ᠬᠦᠷᠢᠶᠡᠯᠡᠵᠦ᠂ 《 ᠬᠤᠶᠠᠷ ᠢ ᠬᠠᠮᠠᠭᠠᠯᠠᠬᠤ》᠎ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠥᠰ ᠤᠨ ᠡᠭᠦᠷᠭᠡ ᠴᠢᠳᠠᠪᠬᠢ ᠪᠠᠨ ᠨᠡᠩ ᠰᠠᠶᠢᠲᠤᠷ ᠭᠦᠢᠴᠡᠳᠬᠡᠬᠦ ᠶᠢ ᠲᠡᠮᠵᠢᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ 《 ᠵᠢᠱᠢᠶᠡᠴᠢ ᠥᠪᠡᠷᠲᠡᠭᠡᠨ ᠵᠠᠰᠠᠬᠤ ᠣᠷᠣᠨ 》᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠭᠦᠨᠵᠡᠭᠡᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠢᠲᠡᠭᠡᠯ ᠢ ᠎ ᠨᠢ ᠪᠠᠲᠤᠳᠬᠠᠨ ᠂ ᠨᠠᠩ ᠰᠠᠶᠢᠨ ᠬᠥᠭᠵᠢᠭᠦᠯᠵᠦ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠰᠢᠶᠠᠩᠭᠠᠩ ᠣᠣᠮᠧᠨ ᠲᠠᠶᠢᠸᠠᠨ ᠪᠠ ᠭᠠᠳᠠᠭᠠᠳᠤ ᠳᠠᠬᠢ ᠬᠥᠮᠥᠰ ᠤᠨ ᠰᠡᠳᠬᠢᠯ ᠢ ᠣᠯᠬᠤ ᠠᠵᠢᠯ ᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠥ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠭᠡᠵᠦ ᠴᠢᠬᠤᠯᠠᠴᠢᠯᠠᠪᠠ ᠃       
          