ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠭᠢᠯᠡᠭᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
  
2023/2/13

   2 ᠰᠠᠷ᠎ᠠ ᠶᠢᠨ 12  ᠤᠨ ᠡᠳᠦᠷ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ

ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ

ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ

ᠭᠡᠰᠢᠭᠦᠨ ᠪᠣᠯᠣᠨ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ

ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ

ᠲᠠᠯᠪᠢᠭᠰᠠᠨ ᠴᠢᠬᠤᠯᠠ ᠶᠠᠷᠢᠶ᠎ᠠ ᠪᠠ ᠼᠠᠢ ᠴᠢ ᠨᠥᠬᠦᠷ ᠤᠨ

ᠰᠤᠷᠤᠯᠭ᠎ᠠ ᠲᠡᠭᠦᠰᠬᠦ ᠶᠣᠰᠣᠯᠠᠯ ᠳᠡᠭᠡᠷᠡᠬᠢ ᠶᠠᠷᠢᠶ᠎ᠠ ᠶᠢ

ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ

ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ

ᠱᠤᠤ ᠴᠧᠩ ᠬᠤᠷᠠᠯ ᠢ ᠡᠷᠭᠢᠯᠡᠵᠡᠢ᠃

   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ

ᠶᠠᠷᠢᠶ᠎ᠠ ᠨᠢ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠠᠯᠢ ᠤᠯᠠᠨ ᠴᠢᠬᠤᠯᠠ ᠶᠡᠭᠡ ᠤᠨᠤᠯ ᠪᠠ

ᠦᠢᠯᠡᠳᠦᠯᠭᠡ ᠶᠢᠨ ᠠᠰᠠᠭᠤᠳᠠᠯ ᠢ ᠪᠦᠭᠦ ᠲᠠᠯ᠎ᠠ ᠪᠠᠷ᠂

ᠰᠢᠰᠲ᠋ᠧᠮ ᠲᠠᠢ᠂ ᠭᠦᠨᠵᠡᠭᠡᠢ ᠲᠣᠳᠣᠷᠬᠠᠶᠢᠯᠠᠨ ᠥᠭᠦᠯᠡᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ

ᠤᠨᠤᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠤᠨ

ᠬᠥᠭᠵᠢᠭᠦᠯᠪᠡ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ

ᠪᠠᠷᠠᠯᠠᠵᠤ᠂ ᠬᠠᠷᠠᠭ᠎ᠠ ᠠᠤᠭ᠎ᠠ ᠠᠭᠤᠳᠠᠮ᠂ ᠠᠭᠤᠯᠤᠭᠳᠠᠬᠤᠨ

ᠡᠯᠪᠡᠭ ᠪᠠᠶᠠᠯᠢᠭ ᠪᠠᠶᠢᠵᠤ᠂ ᠲᠤᠶᠢᠯ ᠤᠨ ᠴᠢᠩᠭ᠎ᠠ ᠦᠵᠡᠯ

ᠰᠠᠨᠠᠭᠠᠨ ᠤ ᠨᠡᠪᠲᠡᠯᠭᠦ ᠬᠦᠴᠦᠨ᠂ ᠤᠶᠤᠨ ᠰᠠᠨᠠᠭᠠᠨ ᠤ

ᠤᠷᠢᠶᠠᠯᠠᠬᠤ ᠬᠦᠴᠦᠨ᠂ ᠦᠢᠯᠡᠳᠦᠯᠭᠡ ᠶᠢᠨ ᠵᠢᠯᠤᠭᠤᠳᠬᠤ

ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠤ᠂ ᠶᠡᠭᠡ ᠪᠠᠷ

ᠠᠬᠢᠭᠤᠯᠬᠤ ᠳᠤ ᠲᠤᠶᠢᠯ ᠤᠨ ᠴᠢᠬᠤᠯᠠ ᠵᠢᠯᠤᠭᠤᠳᠬᠤ ᠠᠴᠢ

ᠬᠤᠯᠪᠣᠭᠳᠠᠯ ᠲᠠᠢ ᠶᠤᠮ᠃ ᠪᠦᠭᠦ ᠣᠷᠣᠨ ᠤ ᠡᠯ᠎ᠡ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ

ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠣᠨ

ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ

ᠦᠨᠡᠨ ᠬᠦ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠣᠳᠣᠬᠢᠴᠢᠯᠠᠯᠲᠠ ᠶᠢ ᠬᠡᠷᠬᠢᠨ ᠲᠠᠨᠢᠵᠤ ᠠᠬᠢᠭᠤᠯᠬᠤ ᠲᠤᠬᠠᠢ

ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ

ᠬᠡᠷᠡᠭᠯᠡᠵᠦ᠂ ᠲᠡᠭᠦᠨ ᠤ ᠭᠤᠣᠯ ᠠᠭᠤᠯᠭ᠎ᠠ᠂ ᠵᠣᠷᠢᠭ

ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ

ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ

ᠪᠦᠭᠦ ᠲᠠᠯ᠎ᠠ ᠪᠠᠷ ᠡᠵᠡᠮᠰᠢᠵᠦ᠂ ᠲᠡᠭᠦᠨ ᠢ ᠦᠨᠡᠨ ᠬᠦ ᠥᠪᠥᠷ

ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠶᠢᠨ ᠡᠯ᠎ᠡ ᠲᠠᠯ᠎ᠠ ᠪᠠ ᠪᠦᠭᠦ ᠶᠠᠪᠤᠴᠠ ᠳᠤ

ᠨᠠᠶᠢᠳᠠᠪᠤᠷᠢᠵᠢᠭᠤᠯᠬᠤ ᠬᠡᠷᠡᠭᠲᠡᠢ᠃ 《 ᠬᠤᠶᠠᠷ ᠢ

ᠲᠣᠭᠲᠠᠭᠠᠭᠰᠠᠨ》 ᠪᠣᠯ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ

ᠠᠶᠠᠯᠠᠬᠤ ᠶᠢᠨ ᠰᠢᠢᠳᠪᠦᠷᠢᠯᠡᠭᠴᠢ ᠴᠢᠨᠠᠷᠲᠠᠢ ᠪᠠᠲᠤᠯᠠᠭ᠎ᠠ

ᠪᠤᠯᠬᠤ ᠶᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ

ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ

ᠵᠠᠷᠴᠢᠮ ᠪᠠ ᠠᠬᠢᠭᠤᠯᠬᠤ ᠳᠤᠮᠳᠠ ᠰᠠᠶᠢᠲᠤᠷ ᠰᠢᠢᠳᠪᠦᠷᠢᠯᠡᠬᠦ

ᠴᠢᠬᠤᠯᠠᠲᠠᠢ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠪᠦᠭᠦ

ᠲᠠᠯ᠎ᠠ ᠪᠠᠷ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ

ᠵᠢᠭᠠᠭᠰᠠᠨ ᠴᠢᠭᠯᠡᠯ ᠢᠶᠠᠷ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ

ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ 《

ᠵᠢᠱᠢᠶᠡᠴᠢ ᠥᠪᠡᠷᠲᠡᠭᠡᠨ ᠵᠠᠰᠠᠬᠤ ᠣᠷᠣᠨ》᠎ ᠢ ᠪᠦᠭᠦ

ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ

ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ

ᠲᠥᠪᠯᠡᠷᠡᠭᠦᠯᠦᠨ ᠰᠠᠶᠢᠲᠤᠷ ᠬᠢᠵᠦ᠂ ᠥᠪᠥᠷ ᠮᠣᠩᠭᠤᠯ ᠤᠨ

ᠶᠠᠪᠤᠳᠠᠯ ᠢ ᠨᠡᠩ ᠴᠢᠷᠮᠠᠶᠢᠨ ᠰᠠᠶᠢᠲᠤᠷ ᠬᠢᠵᠦ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ

ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ

ᠬᠡᠷᠡᠭᠲᠡᠢ᠃ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ

ᠬᠢᠬᠦ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ

ᠢᠯᠵᠠᠷᠠᠯ ᠢ ᠡᠰᠡᠷᠭᠦᠴᠡᠬᠦ ᠪᠠ ᠺᠠᠳ᠋ᠷ ᠤᠨ ᠬᠠᠷᠢᠭᠤᠴᠠᠯᠭ᠎ᠠ

ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ

ᠵᠣᠷᠢᠭᠵᠢᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ

ᠰᠠᠶᠢᠲᠤᠷ ᠬᠢᠬᠦ ᠬᠡᠷᠡᠭᠲᠡᠢ᠃ ᠠᠷᠠᠳ ᠤᠯᠠᠨ ᠢ ᠥᠷᠭᠡᠨ ᠢᠶᠠᠷ

ᠲᠠᠶᠢᠴᠢᠯᠠᠵᠤ ᠪᠦᠯᠬᠦᠮᠳᠡᠭᠦᠯᠦᠨ ᠲᠡᠮᠡᠴᠡᠵᠦ᠂

ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ

ᠵᠢᠯᠤᠭᠤᠳᠴᠤ ᠡᠵᠡᠨ ᠬᠥᠮᠥᠨ ᠤ ᠵᠣᠷᠢᠭ ᠰᠠᠨᠠᠭ᠎ᠠ ᠪᠠᠷ

ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ

ᠣᠷᠣᠯᠴᠠᠭᠤᠯᠬᠤ ᠬᠡᠷᠡᠭᠲᠡᠢ᠃ ᠬᠦᠨᠳᠦ ᠶᠡᠭᠡ ᠠᠶᠤᠯ

ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠨᠡ ᠬᠦ

ᠬᠥᠪᠴᠢ ᠶᠢ ᠢᠮᠠᠭᠲᠠ ᠴᠢᠩᠭᠠᠯᠠᠵᠤ᠂ ᠠᠶᠤᠯ ᠲᠦᠭᠰᠢᠭᠦᠷᠢ ᠶᠢ

ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂

ᠲᠣᠭᠲᠠᠭᠤᠨ ᠢ ᠬᠠᠮᠠᠭᠠᠯᠠᠬᠤ ᠠᠵᠢᠯ ᠢ ᠴᠢᠩᠭ᠎ᠠ ᠪᠣᠳᠠᠲᠠᠢ

ᠨᠠᠷᠢᠯᠢᠭ ᠰᠠᠶᠢᠲᠤᠷ ᠠᠳᠬᠤᠬᠤ ᠬᠡᠷᠡᠭᠲᠡᠢ ᠭᠡᠵᠦ

ᠴᠢᠬᠤᠯᠠᠴᠢᠯᠠᠪᠠ᠃

  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ 2023

ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ 《

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ

ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ

ᠪᠠᠯᠭᠠᠰᠤᠵᠢᠯᠲᠠ ᠶᠢᠨ ᠶᠡᠷᠦᠩᠬᠡᠢ ᠪᠦᠲᠦᠭᠡᠨ

ᠪᠠᠶᠢᠭᠤᠯᠤᠯᠲᠠ ᠶᠢ ᠠᠬᠢᠭᠤᠯᠬᠤ ᠲᠥᠰᠥᠯ  2023 -2025 ᠣᠨ  》᠎ ᠢ

ᠬᠢᠨᠠᠨ ᠵᠥᠪᠯᠡᠪᠡ᠃

  ᠬᠤᠷᠠᠯ ᠠᠴᠠ ᠪᠦᠭᠦ ᠤᠯᠤᠰ ᠤᠨ ᠵᠣᠬᠢᠶᠠᠨ ᠪᠠᠶᠢᠭᠤᠯᠬᠤ

ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ

ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ

ᠰᠢᠨ᠎ᠡ ᠶᠢ ᠡᠭᠦᠳᠭᠦ ᠤᠨᠤᠯ ᠢᠶᠠᠷ ᠵᠡᠪᠰᠡᠭᠯᠡᠬᠦ ᠶᠢ

ᠴᠢᠩᠭᠠᠳᠬᠠᠬᠤ ᠪᠠ ᠺᠠᠳ᠋ᠷ᠂ ᠴᠢᠳᠠᠪᠤᠷᠢᠲᠠᠨ᠂ ᠨᠠᠮ ᠤᠨ

ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠡᠷᠭᠡ

ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃

   ᠬᠤᠷᠠᠯ ᠠᠴᠠ ᠪᠠᠰᠠ ᠪᠤᠰᠤᠳ ᠵᠦᠢᠯ ᠢ ᠰᠤ ᠳᠤᠯᠵᠠᠢ᠃   

 

          