| 2 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ | ᠲᠤᠮᠲᠠᠲᠤ ᠤᠯᠤᠰ ᠤᠨ ᠭᠤᠮᠢᠨᠳᠠᠩ ᠤᠨ ᠬᠤᠪᠢᠰᠬᠠᠯᠲᠤ | ᠬᠤᠷᠢᠶ᠎ᠠ᠂ ᠲᠤᠮᠲᠠᠲᠤ ᠤᠯᠤᠰ ᠤᠨ ᠠᠷᠠᠳᠴᠢᠯᠠᠭᠰᠠᠨ | ᠬᠤᠯᠪᠤᠭ᠎ᠠ᠂ ᠲᠤᠮᠲᠠᠲᠤ ᠤᠯᠤᠰ ᠤᠨ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ᠂ ᠲᠤᠮᠲᠠᠲᠤ ᠤᠯᠤᠰ ᠤᠨ | ᠠᠷᠠᠳᠴᠢᠯᠠᠯ ᠢᠶᠠᠷ ᠠᠬᠢᠭᠤᠯᠬᠤ ᠬᠤᠷᠠᠯ᠂ ᠲᠤᠮᠲᠠᠲᠤ ᠤᠯᠤᠰ ᠤᠨ | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ 《9 · 3》 ᠤ | ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ᠪᠠᠶᠢᠭᠤᠯᠭ᠎ᠠ ᠳᠤ ᠬᠦᠷᠴᠦ᠂ ᠡᠯ᠎ᠡ ᠠᠷᠠᠳᠴᠢᠯᠠᠭᠰᠠᠨ ᠨᠠᠮ | ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠢ ᠡᠷᠭᠢᠨ | ᠦᠵᠡᠵᠦ᠂ ᠨᠠᠮ ᠪᠦᠯᠦᠭ ᠤᠨ ᠲᠡᠦᠬᠡ ᠶᠢᠨ ᠤᠯᠠᠷᠢᠯ ᠬᠤᠪᠢᠰᠤᠯ᠂ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠵᠠᠰᠠᠭ ᠤᠨ | ᠶᠠᠪᠤᠳᠠᠯ ᠳᠤ ᠣᠷᠣᠯᠴᠠᠵᠦ ᠵᠠᠰᠠᠭ ᠤᠨ ᠶᠠᠪᠤᠳᠠᠯ ᠢ | ᠵᠥᠪᠯᠡᠭᠰᠡᠨ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠤ᠂ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ | ᠬᠥᠮᠥᠰ ᠤᠨ ᠠᠵᠢᠯ ᠤᠨ ᠪᠠᠶᠢᠳᠠᠯ ᠪᠣᠯᠣᠨ ᠰᠠᠨᠠᠯ | ᠰᠠᠨᠠᠭᠤᠯᠭ᠎ᠠ ᠶᠢ ᠰᠣᠨᠣᠰᠪᠠ᠃ | ᠲᠠᠷᠠᠭ᠎ᠠ ᠳᠤᠨᠢ ᠬᠤᠷᠠᠯᠳᠤᠭᠰᠠᠨ ᠶᠠᠷᠢᠯᠴᠠᠬᠤ ᠬᠤᠷᠠᠯ | ᠳᠡᠭᠡᠷ᠎ᠡ᠂ ᠵᠠᠩ ᠶᠠᠨ ᠺᠦᠨ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ | ᠪᠦᠯᠦᠭ ᠤᠨ ᠪᠤᠰᠤ ᠬᠥᠮᠥᠰ ᠤᠨ ᠥᠪᠥᠷ ᠮᠣᠩᠭᠤᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠲᠣᠪᠣᠶᠢᠮ᠎ᠠ | ᠬᠤᠪᠢ ᠨᠡᠮᠡᠷᠢ ᠶᠢ ᠨᠤᠲᠠᠯᠠᠪᠠ᠃ ᠲᠡᠷᠡ᠂ ᠡᠨᠡ ᠵᠢᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ | ᠵᠢᠯ ᠮᠥᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠪᠣᠯᠣᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ | ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠤᠯ ᠢ ᠴᠢᠩᠭᠠᠳᠬᠠᠨ | ᠲᠡᠭᠦᠯᠳᠡᠷᠵᠢᠭᠦᠯᠬᠦ ᠲᠤᠬᠠᠢ ᠲᠤᠮᠲᠠᠲᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠪᠠᠲᠤ ᠡᠵᠡᠮᠳᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠪᠠᠷ ᠳᠠᠮᠵᠢᠨ ᠵᠠᠰᠠᠭ ᠤᠨ ᠶᠠᠪᠤᠳᠠᠯ ᠳᠤ | ᠣᠷᠣᠯᠴᠠᠨ ᠵᠠᠰᠠᠭ ᠤᠨ ᠶᠠᠪᠤᠳᠠᠯ ᠢ ᠵᠥᠪᠯᠡᠭᠦ | ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ | ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠬᠤᠪᠢ | ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ | ᠬᠡᠯᠡᠪᠡ᠃ | ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ | ᠵᠢᠶᠦ᠋ᠨ ᠴᠢᠩ ᠲᠣᠭᠤᠷᠢᠨ ᠦᠵᠡᠬᠦ ᠪᠠ ᠶᠠᠷᠢᠯᠴᠠᠬᠤ ᠬᠤᠷᠠᠯ ᠳᠤ | ᠣᠷᠣᠯᠴᠠᠪᠠ᠃ | | |