| | 2 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ | ᠬᠤᠷᠠᠯᠳᠤᠭᠤᠯᠵᠤ ᠂ ᠣᠨ ᠤ ᠠᠵᠢᠯ ᠤᠨ ᠭᠤᠣᠯᠳᠠᠯᠭ᠎ᠠ ᠶᠢ | ᠰᠤᠳᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ | ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠬᠤᠷᠠᠯ ᠠᠴᠠ ᠂ ᠠᠵᠢᠯ ᠤᠨ ᠭᠤᠣᠯᠳᠠᠯᠭ᠎ᠠ ᠪᠣᠯ ᠪᠦᠭᠦ | ᠵᠢᠯ ᠤᠨ ᠡᠭᠦᠷᠭᠡ ᠶᠢᠨ ᠳᠠᠩᠰᠠ ᠶᠢ ᠲᠤᠰᠢᠶᠠᠬᠤ ᠶᠠᠪᠤᠳᠠᠯ | ᠪᠣᠯᠣᠨ᠎ᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ | ᠠᠩᠭᠢ ᠶᠢᠨ ᠰᠤᠷᠤᠯᠭ᠎ᠠ ᠡᠭᠢᠯᠡᠭᠦ ᠶᠣᠰᠣᠯᠠᠯ ᠳᠡᠭᠡᠷᠡᠬᠢ | ᠴᠢᠬᠤᠯᠠ ᠶᠠᠷᠢᠶ᠎ᠠ ᠪᠠᠷ ᠵᠢᠯᠣᠭᠤᠳᠤᠯᠭ᠎ᠠ ᠪᠤᠯᠭᠠᠵᠤ ᠂ | ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠴᠢᠩᠭ᠎ᠠ | ᠬᠠᠷᠭᠤᠭᠤᠯᠤᠨ ᠪᠠᠷᠢᠮᠵᠢᠶᠠᠯᠠᠵᠤ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠡᠭᠦᠷᠭᠡ ᠶᠢᠨ | ᠨᠠᠷᠢᠨ ᠲᠠᠩᠰᠠ ᠶᠢ ᠴᠢᠨᠠᠭᠰᠢᠳᠠ ᠲᠡᠭᠦᠯᠳᠡᠷᠵᠢᠭᠦᠯᠵᠦ ᠂ | ᠳᠦᠷᠦᠯ ᠵᠦᠢᠯ ᠢ ᠣᠷᠬᠢᠭᠳᠠᠭᠤᠯᠬᠤ ᠦᠭᠡᠢ ᠳᠤᠲᠠᠭᠳᠠᠭᠤᠯᠬᠤ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠭᠤᠣᠯᠳᠠᠯᠭ᠎ᠠ ᠲᠠᠢ ᠡᠭᠦᠷᠭᠡ ᠶᠢ ᠨᠠᠷᠢᠨ ᠲᠠᠩᠰᠠ ᠶᠢᠨ | ᠭᠡᠯᠪᠡᠷᠢ ᠪᠠᠷ ᠲᠣᠬᠢᠷᠠᠭᠤᠯᠵᠤ ᠂ ᠨᠠᠷᠢᠨ ᠲᠠᠩᠰᠠ ᠶᠢᠨ | ᠭᠡᠯᠪᠡᠷᠢ ᠪᠠᠷ ᠠᠬᠢᠭᠤᠯᠵᠤ ᠂ ᠰᠠᠷ᠎ᠠ ᠰᠠᠷ᠎ᠠ ᠠᠬᠢᠴᠠ ᠲᠠᠢ ᠂ | ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠃ | ᠴᠢᠬᠤᠯᠠ ᠶᠡᠭᠡ ᠬᠤᠷᠠᠯ ᠠᠵᠢᠯᠯᠠᠭ᠎ᠠ ᠶᠢ ᠡᠷᠲᠡ ᠠᠴᠠ | ᠲᠥᠯᠥᠪᠵᠢᠭᠦᠯᠵᠦ ᠂ ᠡᠳᠦᠷ ᠲᠤᠲᠤᠮ ᠤᠨ ᠵᠥᠪᠯᠡᠭᠦ ᠵᠦᠢᠯ ᠳᠡᠭᠡᠨ | ᠣᠷᠣᠭᠤᠯᠵᠤ ᠂ ᠲᠥᠰᠥᠯ ᠢᠶᠠᠨ ᠨᠠᠷᠢᠯᠢᠭᠵᠢᠭᠤᠯᠵᠤ ᠂ ᠬᠤᠷᠠᠯ | ᠠᠵᠢᠯᠯᠠᠭ᠎ᠠ ᠪᠣᠯᠭᠠᠨ ᠢ ᠦᠨᠡᠨ ᠪᠣᠳᠠᠲᠠᠢ ᠡᠷᠭᠢᠯᠡᠵᠦ ᠂ | ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠵᠠᠰᠠᠭ ᠤᠨ | ᠣᠷᠳᠣᠨ ᠤ ᠠᠯᠪᠠᠨ ᠲᠢᠩᠬᠢᠮ ᠮᠥᠷᠳᠡᠨ ᠪᠠᠶᠢᠴᠠᠭᠠᠵᠤ ᠠᠩᠬᠠᠷᠤᠯ | ᠲᠠᠯᠪᠢᠨ ᠰᠢᠢᠳᠪᠦᠷᠢᠯᠡᠵᠦ ᠂ ᠶᠠᠮᠠᠷ ᠠᠵᠢᠯ ᠨᠢ ᠤᠷᠤᠭᠰᠢᠲᠠᠢ | ᠶᠠᠪᠤᠭᠳᠠᠵᠤ ᠦᠷ᠎ᠡ ᠪᠦᠲᠦᠮᠵᠢ ᠨᠢ ᠰᠠᠶᠢᠨ ᠪᠠᠶᠢᠪᠠᠯ ᠴᠠᠭ | ᠲᠤᠬᠠᠢ ᠳᠤᠨᠢ ᠳ᠋ᠦᠩᠨᠡᠨ ᠳᠡᠯᠭᠡᠷᠡᠭᠦᠯᠵᠦ ᠂ ᠶᠠᠮᠠᠷ ᠠᠵᠢᠯ ᠨᠢ | ᠤᠳᠠᠭᠠᠨ ᠪᠠᠶᠢᠵᠤ ᠬᠦᠴᠢᠷᠲᠡᠢ ᠪᠠᠶᠢᠪᠠᠯ ᠵᠣᠬᠢᠴᠠᠭᠤᠯᠬᠤ | ᠡᠷᠴᠢᠮ ᠢᠶᠠᠨ ᠴᠢᠩᠭᠠᠷᠠᠭᠤᠯᠵᠤ ᠂ ᠶᠠᠪᠤᠳᠠᠯ ᠪᠦᠭᠦᠨ ᠢ ᠨᠢᠭᠡ | ᠶᠢ ᠴᠦ ᠣᠷᠬᠢᠭᠳᠠᠭᠤᠯᠤᠯ ᠦᠭᠡᠢ ᠪᠠᠷ ᠴᠠᠭ ᠲᠤᠬᠠᠢ ᠳᠤᠨᠢ | ᠴᠢᠨᠠᠷ ᠰᠠᠶᠢᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | | |