| | | 2 ᠰᠠᠷ᠎ᠠ ᠶᠢᠨ 13 ᠤ ᠡᠳᠦᠷ᠂ ᠰᠦᠨ ᠱᠤᠤ ᠴᠧᠩ ᠥᠪᠡᠷᠲᠡᠭᠡᠨ | ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠳᠣᠪᠣᠶᠢᠮ᠎ᠠ | ᠠᠰᠠᠭᠤᠳᠠᠯ ᠤᠨ ᠰᠡᠷᠡᠮᠵᠢ ᠶᠢᠨ ᠹᠢᠯᠢᠮ ᠢ ᠵᠣᠬᠢᠶᠠᠨ | ᠪᠠᠶᠢᠭᠤᠯᠤᠨ ᠦᠵᠡᠵᠦ᠂ ᠬᠤᠯᠪᠣᠭᠳᠠᠯ ᠪᠦᠬᠦᠢ ᠲᠠᠯ᠎ᠠ ᠶᠢᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ 2023 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ | ᠭᠡᠬᠦ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠳᠤ ᠬᠤᠯᠪᠣᠭᠳᠠᠵᠤ᠂ ᠥᠪᠥᠷ ᠮᠣᠩᠭᠤᠯ ᠤᠨ | ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠨ᠎ᠠ᠃ ᠣᠷᠣᠨ | ᠳᠠᠶᠠᠭᠠᠷ ᠢᠯᠠᠩᠭᠤᠶ᠎ᠠ ᠬᠠᠲᠤᠨ ᠭᠤᠣᠯ ᠳᠠᠭᠠᠤ ᠭᠠᠵᠠᠷ | ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠣᠯ ᠡᠵᠢ ᠭᠤᠣᠯ ᠢ | ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠶᠡᠭᠡ ᠬᠠᠮᠠᠭᠠᠯᠠᠯᠲᠠ ᠶᠢ | ᠵᠠᠩᠭᠢᠯᠠᠭ᠎ᠠ ᠶᠢᠨ ᠡᠭᠦᠷᠭᠡ ᠪᠤᠯᠭᠠᠵᠤ᠂ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠬᠠᠮᠵᠢᠯᠴᠠᠨ | ᠠᠬᠢᠭᠤᠯᠵᠤ᠂ ᠬᠥᠷᠥᠰᠥ ᠰᠢᠷᠣᠢ ᠶᠢᠨ ᠤᠷᠤᠰᠬᠠᠭᠳᠠᠯ ᠪᠣᠯᠣᠨ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠳᠣᠪᠣᠶᠢᠮ᠎ᠠ | ᠰᠠᠶᠢᠲᠤᠷ ᠠᠳᠬᠤᠬᠤ ᠬᠡᠷᠡᠭᠲᠡᠢ᠃ ᠬᠠᠲᠤᠨ ᠭᠤᠣᠯ ᠤᠨ | ᠤᠷᠤᠰᠬᠠᠯ ᠤᠨ ᠵᠠᠮ ᠢ《 ᠳᠤᠷ᠎ᠠ ᠪᠠᠷ ᠢᠶᠠᠨ ᠡᠵᠡᠯᠡᠨ | ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ》 ᠠᠰᠠᠭᠤᠳᠠᠯ ᠢ | ᠭᠦᠨᠵᠡᠭᠡᠢ ᠴᠡᠭᠴᠡᠯᠡᠨ ᠵᠠᠰᠠᠵᠤ᠂ ᠬᠤᠷᠳᠤᠴᠠ ᠪᠠᠨ | ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠡᠯ᠎ᠡ | ᠲᠥᠷᠥᠯ ᠤᠨ ᠱᠠᠯᠠᠪᠳᠠᠭᠤᠯᠤᠨ ᠪᠠᠶᠢᠴᠠᠭᠠᠭᠰᠠᠨ᠂ ᠪᠠᠶᠢᠴᠠᠭᠠᠵᠤ | ᠵᠢᠭᠠᠵᠤ ᠭᠠᠷᠭᠠᠭᠰᠠᠨ ᠪᠠ ᠢᠯᠡᠷᠡᠭᠦᠯᠦᠭᠰᠡᠨ ᠳᠣᠪᠣᠶᠢᠮ᠎ᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠᠷ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠲᠤᠨ ᠭᠤᠣᠯ | ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠨ᠂ 《 ᠤᠰᠤ ᠪᠠᠷ ᠳᠥᠷᠪᠡ ᠶᠢ ᠲᠣᠭᠲᠠᠭᠠᠬᠤ》 ᠶᠢ | ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠠᠮᠠ᠂ ᠬᠤᠲᠠ ᠪᠣᠯᠣᠨ | ᠠᠵᠤ ᠦᠢᠯᠡᠰ ᠤᠨ ᠬᠥᠭᠵᠢᠯᠲᠡ ᠶᠢ ᠵᠣᠬᠢᠰᠲᠠᠢ | ᠪᠠᠶᠢᠷᠢᠰᠢᠭᠤᠯᠤᠨ᠂ ᠪᠣᠬᠢᠷᠳᠤᠯ ᠶᠡᠬᠡᠲᠡᠢ᠂ ᠤᠰᠤᠨ ᠤ | ᠬᠤᠷᠣᠭᠳᠠᠭᠤᠯᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ | ᠶᠡᠬᠡᠲᠡᠢ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠪᠣᠯᠣᠨ ᠤᠰᠤᠨ ᠤ ᠡᠬᠢ | ᠪᠠᠶᠠᠯᠢᠭ ᠲᠤᠲᠠᠭᠳᠠᠵᠤ ᠪᠠᠶᠢᠭ᠎ᠠ ᠶᠢᠨ ᠬᠤᠭᠤᠷᠣᠨᠳᠣᠭᠢ | ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠲᠤᠨ | ᠭᠤᠣᠯ ᠤᠨ ᠤᠰᠤ ᠶᠢ ᠰᠠᠶᠢᠲᠤᠷ ᠬᠠᠮᠢᠶᠠᠷᠤᠨ ᠰᠠᠶᠢᠲᠤᠷ | ᠬᠡᠷᠡᠭᠯᠡᠵᠦ᠂ ᠤᠰᠤᠨ ᠠᠰᠢᠭᠯᠠᠯᠲᠠ ᠶᠢᠨ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠂ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠲᠠᠢ | ᠡᠷᠴᠢᠮᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ᠃ ᠤᠳᠤ | ᠦᠶ᠎ᠡ ᠶᠢᠨ ᠡᠨᠧᠷᠭᠢ ᠶᠢᠨ ᠠᠵᠤ ᠠᠬᠤᠢ ᠪᠣᠯᠣᠨ ᠤᠳᠤ ᠦᠶ᠎ᠡ ᠶᠢᠨ | ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠰᠠᠶᠢᠲᠤᠷ | ᠠᠳᠬᠤᠵᠤ᠂ ᠬᠠᠳᠤᠨ ᠭᠤᠣᠯ ᠳᠠᠭᠠᠤ ᠭᠠᠵᠠᠷ ᠣᠷᠣᠨ ᠤ ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠢ ᠴᠢᠷᠮᠠᠶᠢᠨ | ᠪᠤᠵᠠᠭᠠᠶᠢᠷᠠᠭᠤᠯᠵᠤ᠂ ᠬᠠᠳᠤᠨ ᠭᠤᠣᠯ ᠢ ᠬᠠᠮᠠᠭᠠᠯᠠᠬᠤ ᠪᠠ | ᠵᠠᠰᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | ᠬᠠᠲᠤᠨ ᠭᠤᠣᠯ ᠤᠨ ᠰᠣᠶᠣᠯ ᠤᠨ ᠲᠤᠬᠠᠢ ᠰᠤᠳᠤᠯᠭᠠᠨ ᠢ | ᠴᠢᠩᠭᠠᠳᠬᠠᠵᠤ᠂ ᠥᠪᠥᠷ ᠮᠣᠩᠭᠤᠯ ᠤᠨ 《 ᠬᠠᠲᠤᠨ ᠭᠤᠣᠯ ᠤᠨ | ᠥᠯᠢᠭᠡᠷ》 ᠢ ᠰᠠᠶᠢᠲᠤᠷ ᠶᠠᠷᠢᠵᠤ᠂ ᠬᠠᠲᠤᠨ ᠭᠤᠣᠯ ᠤᠨ | ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠰᠠᠶᠢᠲᠤᠷ | ᠠᠭᠤᠳᠠᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠬᠤᠷᠠᠯ ᠳᠤ ᠣᠷᠣᠯᠴᠠᠵᠠᠢ᠃ | | |