| | | ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ | ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ | ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ | ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ | ᠡᠬᠢᠯᠡᠭᠦᠯᠦᠭᠰᠡᠨ ᠠᠴᠠ ᠨᠠᠭᠠᠰᠢ ᠂ ᠡᠯ᠎ᠡ ᠠᠶᠢᠮᠠᠭ | ᠬᠤᠲᠠ ᠶᠢᠨ ᠬᠢᠨ ᠴᠠᠭ ᠤᠨ ᠬᠢᠵᠠᠭᠠᠷ ᠤᠨ ᠱᠠᠭᠠᠷᠳᠠᠯᠭ᠎ᠠ | ᠶᠣᠰᠣᠭᠠᠷ ᠥᠪᠡᠷ ᠢᠶᠠᠨ ᠪᠠᠶᠢᠴᠠᠭᠠᠵᠤ ᠣᠶᠢᠯᠠᠭᠠᠨ | ᠲᠣᠳᠣᠯᠠᠭᠰᠠᠨ ᠪᠠᠶᠢᠳᠠᠯ ᠢᠶᠠᠨ ᠳᠡᠭᠡᠭᠰᠢ ᠮᠡᠳᠡᠭᠦᠯᠵᠦ ᠂ | ᠨᠠᠶᠢᠳᠠᠪᠤᠷᠢᠵᠢᠭᠤᠯᠬᠤ ᠲᠥᠰᠥᠯ ᠲᠣᠭᠲᠠᠭᠠᠨ ᠂ ᠴᠡᠭᠴᠡᠯᠡᠨ | ᠵᠠᠰᠠᠬᠤ ᠡᠬᠡ ᠲᠠᠩᠰᠠ ᠪᠠᠶᠢᠭᠤᠯᠵᠤ ᠂ ᠴᠡᠭᠴᠡᠯᠡᠨ ᠵᠠᠰᠠᠬᠤ | ᠠᠵᠢᠯ ᠢ ᠢᠳᠡᠪᠬᠢᠲᠡᠢ ᠠᠬᠢᠭᠤᠯᠪᠠ᠃ ᠣᠳᠣᠬᠠᠨ ᠳᠤ ᠂ ᠡᠯ᠎ᠡ | ᠵᠦᠢᠯ ᠤᠨ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ | ᠣᠯᠣᠭᠰᠠᠨ ᠪᠠᠶᠢᠨ᠎ᠠ ᠃ ᠪᠥᠬᠦ ᠣᠷᠣᠨ ᠤ ᠨᠡᠭᠡᠭᠡᠯᠲᠡ ᠶᠢᠨ | ᠲᠣᠭᠤᠷᠢᠭ ᠨᠢ ᠨᠢᠭᠡᠨᠲᠡ 16368.8 ᠲᠦᠮᠡᠨ ᠲᠥᠭᠦᠷᠢᠭ ᠤᠨ | ᠳᠠᠷᠤᠭᠳᠠᠮᠠᠯ ᠪᠡᠯᠡ ᠮᠥᠩᠭᠦ ᠶᠢ ᠳᠡᠭᠡᠭᠰᠢ ᠲᠤᠰᠢᠶᠠᠵᠤ ᠂ | ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠭᠥᠯᠢᠶᠡᠨ | ᠠᠪᠤᠭᠰᠠᠨ ᠪᠣᠯᠪᠠᠴᠦ ᠭᠦᠢᠴᠡᠳᠬᠡᠭᠡ ᠦᠭᠡᠢ 127 | ᠨᠡᠭᠡᠭᠡᠯᠲᠡ ᠶᠢᠨ ᠲᠣᠭᠤᠷᠢᠭ ᠤᠨ ᠵᠥᠪᠰᠢᠶᠡᠷᠡᠭᠦᠯᠬᠦ ᠪᠠᠷ | ᠪᠠᠶᠢᠭ᠎ᠠ ᠲᠥᠷᠥᠯ ᠵᠦᠢᠯ ᠢ ᠪᠦᠬᠦᠨ ᠢ ᠭᠦᠢᠴᠡᠳᠬᠡᠵᠦ | ᠳᠠᠭᠤᠰᠬᠠᠭᠠᠳ ᠂ ᠪᠤᠰᠤᠳ ᠡᠯ᠎ᠡ ᠵᠦᠢᠯ ᠤᠨ ᠠᠵᠢᠯ ᠴᠦ | ᠢᠳᠡᠪᠬᠢᠲᠡᠢ ᠠᠬᠢᠴᠠ ᠲᠠᠢ ᠪᠣᠯᠵᠠᠢ ᠃ | ᠣᠶᠢᠯᠠᠭᠠᠭᠰᠠᠨ ᠢᠶᠠᠷ ᠂ ᠰᠤᠯᠠ ᠲᠠᠯᠪᠢᠭᠳᠠᠵᠤ ᠪᠠᠶᠢᠭ᠎ᠠ | ᠭᠠᠵᠠᠷ ᠰᠢᠷᠣᠢ ᠶᠢᠨ ᠲᠠᠯ᠎ᠠ ᠪᠠᠷ ᠂ ᠪᠥᠬᠦ ᠣᠷᠣᠨ ᠳᠤ ᠨᠢᠭᠡᠨᠲᠡ | 157 ᠪᠦᠯᠦᠭ ᠨᠡᠶᠢᠲᠡ 869 ᠾᠧᠺᠲ᠋ᠠᠷ ᠭᠠᠵᠠᠷ ᠢ ᠴᠡᠭᠴᠡᠯᠡᠨ | ᠵᠠᠰᠠᠵᠤ ᠂ ᠭᠠᠵᠠᠷ ᠰᠢᠷᠣᠢ ᠶᠢ ᠭᠦᠢᠯᠭᠡᠭᠡᠨ ᠳᠤ | ᠣᠷᠣᠭᠤᠯᠤᠭᠰᠠᠨ ᠨᠣᠷᠮ᠎ᠠ ᠨᠢ 94.6% ᠳᠤ ᠬᠦᠷᠴᠡᠢ ᠃ | ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠤᠨ | ᠲᠠᠯ᠎ᠠ ᠪᠠᠷ ᠂ ᠤᠷᠲᠤ ᠬᠤᠭᠤᠴᠠᠭ᠎ᠠ ᠪᠠᠷ ᠦᠢᠯᠡᠳᠪᠦᠷᠢᠯᠡᠯ | ᠨᠢ ᠵᠣᠭᠰᠣᠭᠰᠠᠨ 98 ᠠᠵᠤ ᠠᠬᠤᠶᠢᠯᠠᠯ ᠪᠠ 56 《 ᠥᠯᠥᠭ ᠠᠵᠤ | ᠠᠬᠤᠶᠢᠯᠠᠯ 》 ᠢ ᠴᠡᠭᠴᠡᠯᠡᠨ ᠵᠠᠰᠠᠵᠤ ᠂ ᠨᠡᠶᠢᠲᠡ 1313.2 | ᠾᠧᠺᠲ᠋ᠠᠷ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠪᠠ ᠃ | ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠤᠨ | ᠲᠠᠯ᠎ᠠ ᠪᠠᠷ ᠂ ᠨᠢᠭᠡᠨᠲᠡ 74 ᠶᠢ ᠴᠡᠭᠴᠡᠯᠡᠨ ᠵᠠᠰᠠᠵᠤ ᠂ | ᠨᠡᠶᠢᠲᠡ 1193 ᠾᠧᠺᠲ᠋ᠠᠷ ᠭᠠᠵᠠᠷ ᠰᠢᠷᠣᠢ ᠶᠢ ᠭᠦᠢᠯᠭᠡᠭᠡᠨ ᠲᠠᠢ | ᠪᠣᠯᠭᠠᠵᠤ ᠂ ᠴᠡᠭᠴᠡᠯᠡᠨ ᠵᠠᠰᠠᠵᠤ ᠳᠠᠭᠤᠰᠬᠠᠭᠰᠠᠨ ᠨᠣᠷᠮ᠎ᠠ | ᠨᠢ 74% ᠳᠤ ᠬᠥᠷᠪᠡ ᠃ 《 ᠬᠠᠭᠠᠰ ᠳᠤᠲᠠᠭᠤ ᠣᠷᠭᠢᠭᠰᠠᠨ 》 | ᠢᠨᠵᠧᠨᠧᠷᠢᠩ ᠤᠨ ᠲᠠᠯ᠎ᠠ ᠪᠠᠷ ᠂ ᠵᠢᠭᠰᠠᠭᠠᠨ ᠪᠠᠶᠢᠴᠠᠭᠠᠵᠤ | ᠢᠯᠡᠷᠡᠭᠦᠯᠦᠭᠰᠡᠨ 18 ᠨᠡᠭᠡᠭᠡᠯᠲᠡ ᠶᠢᠨ ᠲᠣᠭᠤᠷᠢᠭ ᠤᠨ《 | ᠬᠠᠭᠠᠰ ᠳᠤᠲᠠᠭᠤ ᠣᠷᠭᠢᠭᠰᠠᠨ 》 ᠢᠨᠵᠧᠨᠧᠷᠢᠩ ᠢ ᠡᠯ᠎ᠡ ᠠᠶᠢᠮᠠᠭ | ᠬᠤᠲᠠ ᠶᠢᠨ ᠬᠢᠨ ᠴᠥᠮ ᠡᠮᠬᠢ ᠵᠢᠷᠤᠮ ᠲᠠᠢ ᠪᠠᠷ ᠴᠡᠭᠴᠡᠯᠡᠨ | ᠵᠠᠰᠠᠬᠤ ᠶᠢ ᠠᠬᠢᠭᠤᠯᠵᠤ ᠪᠠᠶᠢᠨ᠎ᠠ ᠃ ᠡᠭᠦᠨ ᠳᠤ ᠲᠦᠩᠯᠢᠶᠣᠣ | ᠬᠤᠲᠠ ᠂ ᠬᠢᠩᠭᠠᠨ ᠠᠶᠢᠮᠠᠭ ᠂ ᠦᠬᠠᠢ ᠬᠤᠲᠠ ᠲᠣᠰ ᠲᠣᠰ 1 | ᠢᠨᠵᠧᠨᠧᠷᠢᠩ ᠢ ᠭᠦᠢᠯᠭᠡᠭᠡᠨ ᠲᠠᠢ ᠪᠣᠯᠭᠠᠪᠠ ᠃ | ᠡᠭᠦᠨ ᠤ ᠵᠡᠷᠭᠡᠴᠡᠭᠡ ᠂ ᠥᠪᠡᠷᠲᠡᠭᠡᠨ ᠵᠠᠰᠠᠬᠤ ᠣᠷᠣᠨ | ᠠᠴᠠ 55 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠦᠷᠢᠶᠡᠯᠡᠩ ᠳᠤ ᠣᠷᠣᠭᠤᠯᠬᠤ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠡᠷᠴᠢᠮ ᠂ ᠮᠦ ᠪᠦᠷᠢ ᠶᠢᠨ ᠳᠤᠮᠳᠠᠴᠢ | ᠦᠢᠯᠡᠳᠬᠦᠨ ᠤ ᠥᠷᠲᠡᠭ ᠂ ᠭᠠᠶᠢᠯᠢ ᠲᠠᠲᠠᠪᠤᠷᠢ ᠵᠡᠷᠭᠡ | ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠲᠤᠶᠢᠯᠪᠤᠷᠢᠲᠠᠢ | ᠪᠠᠶᠢᠴᠠᠭᠠᠨ ᠰᠢᠢᠳᠪᠦᠷᠢᠯᠡᠵᠦ ᠂ ᠡᠯ᠎ᠡ ᠠᠶᠢᠮᠠᠭ ᠬᠤᠲᠠ ᠶᠢᠨ | ᠬᠢᠨ ᠴᠥᠮ ᠲᠣᠰ ᠭᠠᠵᠠᠷ ᠣᠷᠣᠨ ᠤ ᠪᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢ ᠨᠡᠶᠢᠲᠡᠯᠡᠨ ᠵᠠᠷᠯᠠᠭᠰᠠᠨ ᠪᠠᠶᠢᠨ᠎ᠠ | ᠃ | 《 ᠣᠳᠣᠬᠠᠨ ᠳᠤ ᠂ ᠥᠪᠡᠷᠲᠡᠭᠡᠨ ᠵᠠᠰᠠᠬᠤ ᠣᠷᠣᠨ ᠤ | ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ | ᠲᠤᠶᠢᠯᠪᠤᠷᠢᠲᠠᠢ ᠪᠠᠶᠢᠴᠠᠭᠠᠨ ᠰᠢᠢᠳᠪᠦᠷᠢᠯᠡᠬᠦ ᠠᠵᠢᠯ | ᠨᠢᠭᠡᠨᠲᠡ ᠰᠢᠪᠲᠤᠯᠤᠯᠲᠠ ᠶᠢᠨ ᠬᠤᠭᠤᠴᠠᠭᠠᠨ ᠳᠤ ᠪᠠᠨ ᠣᠷᠣᠭᠠᠳ | ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ ᠪᠢᠳᠡ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠢ ᠂ ᠦᠢᠯᠡᠳᠪᠦᠷᠢᠯᠡᠯ | ᠨᠢ ᠵᠣᠭᠰᠣᠭᠰᠠᠨ ᠠᠵᠤ ᠠᠬᠤᠶᠢᠯᠠᠯ ᠂ ᠪᠠᠷᠢᠯᠭ᠎ᠠ ᠶᠢᠨ | ᠠᠵᠢᠯ ᠨᠢ ᠵᠣᠭᠰᠣᠭᠰᠠᠨ ᠲᠥᠷᠥᠯ ᠵᠦᠢᠯ ᠂ 〈 ᠬᠠᠭᠠᠰ ᠳᠤᠲᠠᠭᠤ | ᠣᠷᠭᠢᠭᠰᠠᠨ 〉 ᠢᠨᠵᠧᠨᠧᠷᠢᠩ ᠵᠡᠷᠭᠡ ᠲᠠᠯ᠎ᠠ ᠶᠢᠨ ᠴᠡᠭᠴᠡᠯᠡᠨ | ᠵᠠᠰᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ | ᠠᠬᠢᠭᠤᠯᠵᠤ ᠂ 2023 ᠣᠨ ᠤ ᠰᠡᠭᠦᠯᠴᠢ ᠠᠴᠠ ᠡᠮᠦᠨ᠎ᠡ | ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠂ | ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠂〈 | ᠬᠠᠭᠠᠰ ᠳᠤᠲᠠᠭᠤ ᠣᠷᠭᠢᠭᠰᠠᠨ 〉 ᠢᠨᠵᠧᠨᠧᠷᠢᠩ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠪᠡᠶᠡᠯᠡᠭᠦᠯᠬᠦ ᠪᠠᠷ ᠴᠢᠷᠮᠠᠶᠢᠨ᠎ᠠ 》 ᠭᠡᠵᠦ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠬᠢᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠪᠡ ᠃ | | |