| | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ | ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ | ᠲᠦᠷᠭᠡᠳᠬᠡᠨ ᠠᠬᠢᠭᠤᠯᠬᠤ ᠶᠢᠨ ᠲᠤᠰᠠᠳᠠ ᠂ ᠤᠯᠤᠰ ᠠᠴᠠ ᠮᠠᠨ ᠤ | ᠣᠷᠣᠨ ᠤ ᠣᠶᠢᠵᠢᠭᠤᠯᠤᠯᠲᠠ ᠬᠢᠬᠦ ᠨᠥᠬᠦᠪᠦᠷᠢ ᠪᠠ | ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ | ᠴᠠᠭᠠᠵᠠᠯᠠᠵᠤ ᠬᠠᠮᠠᠭᠠᠯᠠᠬᠤ ᠨᠥᠬᠦᠪᠦᠷᠢ ᠪᠡᠯᠡ ᠮᠥᠩᠭᠦ ᠶᠢ | ᠨᠡᠶᠢᠲᠡ 3.93 ᠳ᠋ᠦᠩᠰᠢᠭᠤᠷ ᠲᠥᠭᠦᠷᠢᠭ ᠤᠷᠢᠳᠴᠢᠯᠠᠨ | ᠪᠠᠭᠤᠯᠭᠠᠪᠠ᠃ | ᠡᠭᠦᠨ ᠳᠤ 38349 ᠲᠦᠮᠡᠨ ᠲᠥᠭᠦᠷᠢᠭ ᠤᠨ ᠣᠶᠢᠵᠢᠭᠤᠯᠤᠯᠲᠠ | ᠬᠢᠬᠦ ᠨᠥᠬᠦᠪᠦᠷᠢ ᠪᠡᠯᠡ ᠮᠥᠩᠭᠦ ᠪᠠᠭᠤᠯᠭᠠᠵᠤ᠂ ᠬᠥᠮᠥᠨ ᠤ | ᠬᠥᠴᠥᠨ ᠢᠶᠠᠷ ᠣᠶᠢᠵᠢᠭᠤᠯᠬᠤ᠂ ᠴᠢᠨᠠᠷ ᠮᠠᠭᠤᠲᠠᠢ ᠦᠷ᠎ᠡ ᠠᠰᠢᠭ | ᠳᠣᠣᠷ᠎ᠠ ᠣᠶ ᠰᠢᠭᠤᠢ ᠶᠢ ᠥᠭᠡᠷᠡᠴᠢᠯᠡᠬᠦ ᠡᠭᠦᠷᠭᠡ ᠶᠢ ᠨᠡᠶᠢᠲᠡ | 113.66 ᠲᠦᠮᠡᠨ ᠮᠦ ᠲᠣᠬᠢᠷᠠᠭᠤᠯᠪᠠ᠃ ᠡᠯᠡᠰᠦᠷᠬᠡᠭᠵᠢᠭᠰᠡᠨ ᠭᠠᠵᠠᠷ | ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ | ᠣᠷᠣᠨ ᠳᠤ ᠨᠥᠬᠦᠪᠦᠷᠢᠯᠡᠬᠦ 951 ᠲᠦᠮᠡᠨ ᠲᠥᠭᠦᠷᠢᠭ ᠤᠨ | ᠨᠥᠬᠦᠪᠦᠷᠢ ᠪᠡᠯᠡ ᠮᠥᠩᠭᠦ ᠪᠠᠭᠤᠯᠭᠠᠵᠤ᠂ ᠨᠢᠭᠡᠨᠲᠡ | ᠪᠠᠶᠢᠭᠤᠯᠤᠭᠰᠠᠨ ᠪᠢᠲᠡᠭᠦᠮᠵᠢᠯᠡᠨ ᠴᠠᠭᠠᠵᠠᠯᠠᠵᠤ | ᠬᠠᠮᠠᠭᠠᠯᠠᠬᠤ ᠣᠷᠣᠨ ᠳᠠᠬᠢ ᠨᠡᠶᠢᠲᠡ ᠶᠢᠨ ᠠᠰᠠᠷᠠᠮᠵᠢ ᠶᠢᠨ | ᠣᠶ ᠶᠢᠨ ᠨᠥᠬᠦᠪᠦᠷᠢ ᠪᠠ ᠨᠤᠲᠤᠭ ᠪᠡᠯᠴᠢᠭᠡᠷ ᠤᠨ ᠱᠠᠩᠨᠠᠯ | ᠨᠥᠬᠦᠪᠦᠷᠢ ᠶᠢ ᠭᠥᠷᠳᠡᠭᠰᠡᠨ ᠦᠭᠡᠢ ᠲᠠᠯᠠᠪᠠᠶ ᠳᠤ ᠨᠥᠬᠦᠪᠦᠷᠢ | ᠥᠭᠴᠦ᠂ ᠭᠤᠣᠯᠳᠠᠭᠤ ᠪᠢᠲᠡᠭᠦᠮᠵᠢᠯᠡᠨ ᠴᠠᠭᠠᠵᠠᠯᠠᠵᠤ | ᠬᠠᠮᠠᠭᠠᠯᠠᠬᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠳᠤ | ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠬᠤᠯᠪᠣᠭᠳᠠᠯ | ᠪᠦᠬᠦᠢ ᠠᠶᠢᠮᠠᠭ ᠬᠤᠲᠠ ᠶᠢ ᠪᠡᠯᠡ ᠮᠥᠩᠭᠦ ᠪᠠ ᠡᠭᠦᠷᠭᠡ ᠪᠠᠨ | ᠲᠥᠷᠥᠯ ᠵᠦᠢᠯ ᠤᠨ ᠬᠤᠰᠢᠭᠤ ᠰᠢᠶᠠᠨ ᠳᠤ ᠳᠠᠷᠤᠶᠢᠬᠠᠨ | ᠪᠠᠭᠤᠯᠭᠠᠵᠤ᠂ ᠡᠭᠦᠷᠭᠡ ᠪᠠᠨ ᠴᠠᠭ ᠲᠤᠬᠠᠢ ᠳᠤ ᠨᠢ ᠴᠢᠨᠠᠷ ᠪᠠ | ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠨᠥᠬᠦᠪᠦᠷᠢ ᠥᠭᠬᠦ ᠲᠥᠷᠥᠯ | ᠵᠦᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠳᠤᠷᠠᠳᠤᠭᠰᠠᠨ ᠣᠨᠴᠠᠯᠢᠭᠲᠤ ᠣᠶ ᠵᠢᠮᠢᠰ᠂ | ᠮᠣᠳᠣᠯᠢᠭ ᠠᠮᠤ ᠲᠣᠰᠣ ᠵᠡᠷᠭᠡ ᠠᠵᠤ ᠦᠢᠯᠡᠰ ᠢ ᠬᠥᠭᠵᠢᠭᠦᠯᠬᠦ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ | ᠪᠦᠬᠦᠢ ᠠᠶᠢᠮᠠᠭ ᠬᠤᠲᠠ ᠶᠢᠨ ᠬᠢᠨ ᠣᠨᠴᠠᠯᠢᠭᠲᠤ ᠣᠶ ᠵᠢᠮᠢᠰ᠂ | ᠮᠣᠳᠣᠯᠢᠭ ᠠᠮᠤ ᠲᠣᠰᠣ ᠳᠠᠷᠢᠵᠤ ᠥᠭᠡᠷᠡᠴᠢᠯᠡᠬᠦ ᠠᠵᠢᠯ ᠢ | ᠰᠠᠶᠢᠲᠤᠷ ᠬᠢᠵᠦ᠂ ᠨᠠᠶᠢᠯᠵᠠᠭᠤᠷ ᠬᠠᠷᠭᠠᠨ᠎ᠠ ᠶᠢᠨ ᠪᠤᠲᠠ | ᠮᠣᠳᠣᠨ ᠤ ᠣᠶ ᠳᠠᠷᠢᠬᠤ ᠪᠠ ᠲᠡᠭᠰᠢ ᠬᠤᠵᠤᠤᠯ᠎ᠠ ᠪᠠᠷ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠭᠡᠵᠦ ᠱᠠᠭᠠᠷᠳᠠᠪᠠ ᠃ | ᠣᠶᠢᠯᠠᠭᠠᠭᠰᠠᠨ ᠢᠶᠠᠷ ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤᠯᠤᠰ ᠤᠨ ᠨᠤᠲᠤᠭ | ᠳᠡᠪᠢᠰᠭᠡᠷ ᠢ ᠨᠣᠭᠤᠭᠠᠷᠠᠭᠤᠯᠬᠤ ᠪᠠ ᠡᠯᠡᠰᠦᠷᠬᠡᠭᠵᠢᠬᠦ ᠶᠢ | ᠰᠡᠷᠭᠡᠶᠢᠯᠡᠨ ᠡᠯᠡᠰᠦᠷᠬᠡᠭᠵᠢᠬᠦ ᠶᠢ ᠵᠠᠰᠠᠬᠤ ᠶᠢ | ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ | ᠰᠡᠶᠢᠷᠡᠭᠵᠢᠭᠰᠡᠨ ᠤᠢ ᠶᠢᠨ ᠬᠦᠢ ᠶᠢ ᠰᠡᠷᠭᠦᠭᠡᠬᠦ ᠪᠠ ᠴᠢᠨᠠᠷ | ᠮᠠᠭᠤᠲᠠᠢ ᠦᠷ᠎ᠡ ᠠᠰᠢᠭ ᠳᠣᠣᠷ᠎ᠠ ᠤᠢ ᠶᠢᠨ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ ᠂ ᠤᠢ | ᠰᠢᠭᠤᠢ ᠶᠢᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠪᠡ ᠃ ᠴᠥᠯᠡᠷᠬᠡᠭᠵᠢᠭᠰᠡᠨ | ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ | ᠠᠬᠢᠴᠠ ᠶᠢ ᠦᠷᠭᠦᠯᠵᠢᠯᠡᠨ ᠠᠬᠢᠭᠤᠯᠵᠤ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠵᠠᠰᠠᠯᠲᠠ ᠶᠢᠨ ᠨᠥᠬᠦᠴᠡᠯ ᠢ ᠲᠦᠷ ᠴᠠᠭ ᠪᠦᠷᠢᠯᠳᠦᠭᠦᠯᠦᠭᠡᠳᠦᠢ | ᠪᠤᠶᠤ ᠠᠮᠢ ᠠᠬᠤᠢ ᠶᠢ ᠬᠠᠮᠠᠭᠠᠯᠠᠬᠤ ᠬᠡᠷᠡᠭᠴᠡᠭᠡ ᠠᠴᠠ ᠪᠣᠯᠵᠤ | ᠨᠡᠭᠡᠭᠡᠨ ᠠᠰᠢᠭᠯᠠᠬᠤ ᠳᠤ ᠲᠣᠬᠢᠷᠠᠬᠤ ᠦᠭᠡᠢ ᠵᠠᠯᠭᠠᠯᠳᠤᠭᠰᠠᠨ | ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ | ᠴᠠᠭᠠᠵᠠᠯᠠᠵᠤ ᠬᠠᠮᠠᠭᠠᠯᠠᠬᠤ ᠶᠢ ᠬᠡᠷᠡᠭᠵᠢᠭᠦᠯᠵᠦ ᠂ | ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠲᠠᠯᠠᠪᠠᠶ ᠶᠢ ᠦᠷᠭᠦᠯᠵᠢᠯᠡᠨ ︽ ᠬᠤᠣᠰ ᠢᠶᠠᠷ | ᠪᠠᠭᠠᠰᠬᠠᠬᠤ︾ ᠶᠢ ᠪᠡᠶᠡᠯᠡᠭᠦᠯᠪᠡ ᠃ | | |