| 2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ | ᠬᠤᠭᠤᠴᠠᠭᠠᠨ ᠤ《 ᠦᠨᠡᠨ 》 ᠰᠡᠳᠬᠦᠯ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ 2022 ᠣᠨ ᠤ 12 ᠰᠠᠷ᠎ᠠ ᠶᠢᠨ | 15 ᠤ ᠡᠳᠦᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠨᠢᠭᠡ ᠬᠡᠰᠡᠭ ᠪᠤᠯᠬᠤ《 | ᠣᠳᠣᠬᠠᠨ ᠤ ᠠᠵᠤ ᠠᠬᠤᠢ ᠶᠢᠨ ᠠᠵᠢᠯ ᠤᠨ ᠬᠡᠳᠦᠨ ᠴᠢᠬᠤᠯᠠ ᠶᠡᠭᠡ | ᠠᠰᠠᠭᠤᠳᠠᠯ 》 ᠢ ᠨᠡᠶᠢᠲᠡᠯᠡᠪᠡ ᠃ | ᠵᠣᠬᠢᠶᠠᠯ ᠳᠤ ᠂ 2023 ᠣᠨ ᠤ ᠠᠵᠤ ᠠᠬᠤᠢ ᠶᠢᠨ ᠠᠵᠢᠯ | ᠮᠢᠩᠭ᠎ᠠ ᠲᠦᠮᠡᠨ ᠵᠦᠢᠯ ᠪᠠᠶᠢᠵᠤ ᠂ ᠪᠠᠶᠢᠯᠳᠤᠬᠤ | ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ ᠂ ᠭᠤᠣᠯ | ᠵᠥᠷᠢᠴᠡᠯ ᠢ ᠠᠳᠬᠤᠵᠤ ᠂ ᠨᠡᠶᠢᠭᠡᠮ ᠤᠨ ᠰᠡᠳᠬᠢᠴᠡ ᠶᠢᠨ | ᠵᠢᠱᠢᠯᠲᠡ ᠶᠢ ᠰᠠᠶᠢᠵᠢᠷᠠᠭᠤᠯᠬᠤ ᠂ ᠬᠥᠭᠵᠢᠯᠲᠡ ᠶᠢᠨ | ᠢᠲᠡᠭᠡᠯ ᠢ ᠬᠥᠭᠵᠢᠭᠡᠬᠦ ᠠᠴᠠ ᠭᠠᠷᠳᠠᠵᠤ ᠂ ᠴᠢᠬᠤᠯᠠ ᠶᠡᠭᠡ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ ᠂ | ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠨᠢ ᠳᠠᠭᠠᠯᠳᠤᠨ | ᠰᠢᠢᠳᠪᠦᠷᠢᠯᠡᠭᠳᠡᠬᠦ ᠪᠣᠯᠣᠨ᠎ᠠ ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ ᠃ | ᠶᠡᠷᠦᠩᠬᠡᠢ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ | ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ | ᠪᠠᠶᠢᠭ᠎ᠠ ᠲᠣᠪᠣᠶᠢᠮ᠎ᠠ ᠵᠥᠷᠢᠴᠡᠯ ᠮᠥᠨ ᠃ ᠡᠷᠬᠡᠪᠰᠢ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ | ᠶᠡᠭᠡ ᠪᠠᠷ ᠬᠡᠷᠡᠭᠵᠢᠭᠦᠯᠵᠦ ᠂ ᠨᠡᠩ ᠬᠦᠴᠦᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠠᠭᠢᠨ | ᠦᠢᠯᠡᠳᠪᠦᠷᠢᠯᠡᠯ ᠤᠨ ᠰᠠᠶᠢᠨ ᠣᠷᠴᠢᠯ ᠢ ᠪᠡᠶᠡᠯᠡᠭᠦᠯᠬᠦ | ᠬᠡᠷᠡᠭᠲᠡᠢ ᠃ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ ᠂ ᠬᠡᠷᠡᠭᠯᠡᠭᠡ ᠶᠢᠨ ᠰᠠᠭᠤᠷᠢ ᠦᠢᠯᠡᠳᠦᠯ | ᠪᠣᠯᠣᠨ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠨᠢᠭᠡ ᠳᠤ | ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ | ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠃ ᠬᠤᠶᠠᠷ ᠲᠤ ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ ᠪᠦᠭᠦ | ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ | ᠳᠠᠶᠢᠴᠢᠯᠠᠬᠤ ᠬᠡᠷᠡᠭᠲᠡᠢ ᠃ ᠭᠠᠳᠠᠭᠠᠳᠤ ᠭᠠᠷᠭᠠᠯᠲᠠ ᠶᠢᠨ ᠠᠵᠤ | ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ | ᠦᠷᠭᠦᠯᠵᠢᠯᠡᠨ ᠪᠠᠳᠠᠷᠠᠭᠤᠯᠵᠤ ᠂ ᠠᠷᠠᠯᠵᠢᠶᠠᠨ ᠤ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠪᠢᠳᠡ | ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠵᠤ ᠂ ᠯᠠᠪᠳᠠᠭᠤᠨ | ᠪᠠᠲᠤᠲᠠᠢ ᠵᠣᠬᠰᠣᠬᠤ ᠬᠡᠷᠡᠭᠲᠡᠢ ᠃ ᠮᠠᠨ ᠤ ᠤᠯᠤᠰ ᠲᠤ ᠳᠡᠯᠡᠬᠡᠢ | ᠳᠡᠭᠡᠷᠡᠬᠢ ᠬᠠᠮᠤᠭ ᠤᠨ ᠪᠦᠷᠢᠨ ᠪᠦᠲᠦᠨ ᠠᠵᠤ ᠦᠢᠯᠡᠰ ᠤᠨ | ᠰᠢᠰᠲ᠋ᠧᠮ ᠪᠠ ᠲᠠᠯᠳᠠ ᠬᠦᠴᠦᠨ ᠢᠶᠠᠷ ᠬᠠᠮᠤᠭ ᠤᠨ ᠶᠡᠭᠡ | ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠪᠠᠶᠢᠨ᠎ᠠ ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ | ᠲᠦᠪᠰᠢᠨ ᠢ ᠦᠨᠡᠨ ᠬᠦ ᠳᠡᠭᠡᠭᠰᠢᠯᠡᠭᠦᠯᠵᠦ ᠂ | ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ ᠂ | ᠳᠠᠪᠠᠭᠤᠯᠢᠭ ᠲᠠᠯ᠎ᠠ ᠪᠠᠨ ᠪᠤᠯᠪᠠᠰᠤᠷᠠᠭᠤᠯᠬᠤ ᠬᠡᠷᠡᠭᠲᠡᠢ ᠃ | ᠨᠢᠭᠡ ᠳᠤ ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ | ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ | ᠬᠡᠷᠡᠭᠲᠡᠢ ᠃ ᠮᠠᠨ ᠤ ᠤᠯᠤᠰ ᠤᠨ ᠠᠵᠤ ᠠᠬᠤᠢ ᠡᠷᠬᠡᠪᠰᠢ | ᠤᠯᠤᠰ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠠᠷᠠᠳ ᠤᠨ | ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ ᠂ ᠰᠠᠭᠤᠷᠢ | ᠲᠥᠬᠦᠭᠡᠷᠦᠮᠵᠢ ᠂ ᠰᠠᠭᠤᠷᠢ ᠠᠵᠤ ᠦᠢᠯᠡᠰ ᠤᠨ ᠶᠡᠷᠦᠩᠬᠡᠢ | ᠴᠣᠭᠴᠠ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠬᠤ | ᠬᠡᠷᠡᠭᠲᠡᠢ ᠃ ᠬᠤᠶᠠᠷ ᠲᠤ ᠂ ᠠᠵᠤ ᠦᠢᠯᠡᠰ ᠤᠨ ᠰᠢᠰᠲ᠋ᠧᠮ ᠤᠨ | ᠲᠡᠰ ᠲᠡᠪᠰᠢᠨ ᠭᠦᠭᠵᠢᠭᠦ ᠶᠢ ᠲᠦᠷᠭᠡᠳᠬᠡᠨ ᠪᠡᠶᠡᠯᠡᠭᠦᠯᠬᠦ | ᠬᠡᠷᠡᠭᠲᠡᠢ ᠃ ᠭᠤᠣᠯᠳᠠᠯᠭ᠎ᠠ ᠲᠠᠢ ᠬᠦᠷᠢᠶᠡᠨ ᠳᠤ ᠤᠷᠢᠳᠴᠢᠯᠠᠨ | ᠪᠠᠶᠢᠷᠢᠯᠠᠭᠤᠯᠵᠤ ᠂ ᠠᠵᠤ ᠦᠢᠯᠡᠰ ᠤᠨ ᠰᠢᠰᠲ᠋ᠧᠮ ᠤᠨ | ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠵᠦ ᠂ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ | ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠢᠨ᠎ᠡ | ᠥᠷᠢᠰᠦᠯᠳᠦᠭᠡᠨ ᠤ ᠳᠠᠪᠠᠭᠤᠯᠢᠭ ᠢ ᠡᠭᠦᠳᠭᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠵᠣᠬᠢᠶᠠᠯ ᠳᠤ ᠂ 《 ᠬᠤᠶᠠᠷ ᠡᠷᠡᠰ ᠭᠤᠶᠢᠪᠢᠰᠢ ᠦᠭᠡᠢ 》 | ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ ᠃ | ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ ᠂ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ ᠂ | 《 ᠬᠤᠶᠠᠷ ᠡᠷᠡᠰ ᠭᠤᠶᠢᠪᠢᠰᠢ ᠦᠭᠡᠢ》 ᠪᠠᠶᠢᠬᠤ ᠶᠢ | ᠪᠠᠷᠢᠮᠲᠠᠯᠠᠬᠤ ᠬᠡᠷᠡᠭᠲᠡᠢ ᠃ ᠨᠢᠭᠡ ᠳᠤ ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ | ᠬᠤᠶᠠᠷ ᠲᠤ ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠢ | ᠰᠢᠯᠢᠳᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠡᠩ ᠶᠡᠭᠡ ᠡᠷᠴᠢᠮ ᠢᠶᠠᠷ ᠭᠠᠳᠠᠭᠠᠳᠤ | ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ ᠃ | ᠪᠦᠭᠦ ᠪᠥᠮᠪᠥᠷᠴᠡᠭ ᠢ ᠠᠵᠢᠭᠯᠠᠪᠠᠯ ᠂ ᠬᠥᠭᠵᠢᠭᠰᠡᠨ ᠤᠯᠤᠰ ᠪᠠ | ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠴᠥᠮ | ᠭᠠᠳᠠᠭᠠᠳᠤ ᠪᠡᠯᠡ ᠶᠢ ᠲᠠᠳᠠᠨ ᠠᠪᠴᠢᠷᠠᠬᠤ ᠪᠠ ᠠᠰᠢᠭᠯᠠᠬᠤ ᠶᠢ | ᠤᠯᠤᠰ ᠤᠨ ᠴᠢᠬᠤᠯᠠ ᠶᠡᠭᠡ ᠪᠣᠳᠣᠯᠭ᠎ᠠ ᠪᠤᠯᠭᠠᠵᠤ ᠂ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠤᠯᠠᠨ ᠤᠯᠤᠰ ᠤᠨ ᠥᠷᠢᠰᠦᠯᠳᠦᠭᠡᠨ ᠨᠡᠩ ᠰᠢᠷᠦᠭᠦᠰᠴᠦ ᠪᠠᠶᠢᠨ᠎ᠠ ᠃ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ | ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ ᠂ | ᠴᠢᠨᠠᠷ ᠰᠠᠶᠢᠲᠠᠢ ᠨᠥᠭᠡᠴᠡ ᠭᠠᠳᠠᠭᠠᠳᠤ ᠪᠡᠯᠡ ᠶᠢ ᠦᠯᠡᠳᠡᠭᠡᠬᠦ | ᠪᠥᠭᠡᠳ ᠪᠠᠰᠠ ᠨᠡᠩ ᠤᠯᠠᠨ ᠴᠢᠨᠠᠷ ᠰᠠᠶᠢᠲᠠᠢ ᠭᠠᠳᠠᠭᠠᠳᠤ | ᠪᠡᠯᠡ ᠶᠢ ᠲᠠᠲᠠᠨ ᠠᠪᠴᠢᠷᠠᠵᠤ ᠂ ᠠᠷᠠᠯᠵᠢᠶᠠᠨ ᠤ ᠪᠡᠯᠡ | ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠠ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠨᠢᠭᠡ ᠳᠤ ᠂ | ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠤᠨ | ᠬᠡᠪᠴᠢᠶ᠎ᠡ ᠶᠢ ᠥᠷᠭᠡᠳᠬᠡᠬᠦ ᠬᠡᠷᠡᠭᠲᠡᠢ ᠃ ᠬᠤᠶᠠᠷ ᠲᠤ ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ | ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ ᠃ ᠭᠤᠷᠪᠠ ᠳᠤ ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ | ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ | ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠠᠵᠤ ᠠᠬᠤᠢ ᠮᠥᠩᠭᠦᠨ ᠭᠦᠢᠯᠭᠡᠭᠡᠨ ᠤ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠬᠤ ᠬᠡᠷᠡᠭᠲᠡᠢ ᠃ ᠡᠷᠬᠡᠪᠰᠢ ᠦᠡᠭᠭᠡᠨ | ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠂ | ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ | ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ | ᠨᠢᠭᠡ ᠳᠤ ᠂ ᠭᠡᠷ ᠭᠠᠵᠠᠷ ᠤᠨ ᠬᠥᠷᠥᠩᠭᠡ ᠶᠢᠨ ᠦᠢᠯᠡᠰ ᠠᠴᠠ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠶᠢ | ᠰᠡᠷᠭᠡᠶᠢᠯᠡᠬᠦ ᠬᠡᠷᠡᠭᠲᠡᠢ ᠃ ᠬᠤᠶᠠᠷ ᠲᠤ ᠂ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠡᠷᠡᠭᠲᠡᠢ ᠃ ᠭᠤᠷᠪᠠ ᠳᠤ ᠂ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠵᠣᠬᠢᠶᠠᠯ ᠳᠤ ᠂ 2023 ᠣᠨ ᠳᠤ ᠪᠠᠰᠠ ᠮᠠᠰᠢ ᠤᠯᠠᠨ ᠴᠢᠬᠤᠯᠠ | ᠠᠵᠢᠯ ᠢ ᠬᠢᠬᠦ ᠬᠡᠷᠡᠭᠲᠡᠢ ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠵᠤ ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠪᠠᠶᠢᠳᠠᠯ ᠢᠯᠡᠷᠡᠭᠦ ᠶᠢ ᠡᠷᠡᠰ ᠰᠡᠷᠭᠡᠶᠢᠯᠡᠬᠦ | ᠬᠡᠷᠡᠭᠲᠡᠢ ᠃ ᠰᠢᠨ᠎ᠡ ᠨᠢᠭᠡ ᠡᠭᠡᠯᠵᠢ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠲᠥᠯᠥᠪᠵᠢᠭᠦᠯᠬᠦ ᠬᠡᠷᠡᠭᠲᠡᠢ ᠃ | 《 ᠨᠢᠭᠡ ᠪᠦᠰᠡ ᠨᠢᠭᠡ ᠵᠠᠮ 》 ᠬᠠᠮᠲᠤ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢ | ᠵᠣᠬᠢᠴᠠᠩᠭᠤᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠬᠦ ᠬᠡᠷᠡᠭᠲᠡᠢ ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | | |