| | ᠨᠡᠶᠢᠲᠡᠯᠡᠭᠰᠡᠨ ᠴᠠᠭ᠄ | 2023/2/17 | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 2 ᠰᠠᠷ᠎ᠠ ᠶᠢᠨ | 16 ᠤ ᠡᠳᠦᠷ ᠬᠤᠷᠠᠯ ᠬᠤᠷᠠᠯᠳᠤᠭᠤᠯᠵᠤ ᠂ ᠣᠶᠢᠷ᠎ᠠ ᠶᠢᠨ | ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ | ᠃ | ᠬᠤᠷᠠᠯ ᠠᠴᠠ ᠂ 3 ᠵᠢᠯ ᠭᠠᠷᠤᠢ ᠶᠢᠨ ᠲᠤᠷᠰᠢ ᠂ ᠮᠠᠨ ᠤ | ᠤᠯᠤᠰ ᠤᠨ ᠬᠢᠵᠢᠭ ᠲᠠᠢ ᠲᠡᠮᠡᠴᠡᠵᠦ ᠬᠢᠵᠢᠭ ᠢ | ᠰᠡᠷᠭᠡᠶᠢᠯᠡᠭᠰᠡᠨ ᠲᠡᠦᠬᠡᠨ ᠶᠠᠪᠤᠴᠠ ᠲᠤᠶᠢᠯ ᠤᠨ ᠶᠡᠷᠦ ᠪᠤᠰᠤ | ᠶᠤᠮ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢ | ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ ᠂ | ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠠ ᠬᠦᠴᠦᠷᠬᠡᠭ | ᠶᠡᠭᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ | ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ | ᠡᠵᠡᠮᠳᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠦᠨ ᠲᠣᠬᠢᠷᠠᠭᠤᠯᠵᠤ ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ | ᠨᠢᠭᠡᠳᠦᠯᠲᠡᠢ ᠲᠥᠯᠥᠪᠵᠢᠭᠦᠯᠵᠦ ᠂ ᠡᠪᠡᠳᠴᠢᠯᠡᠭᠦᠯᠬᠦ | ᠬᠦᠴᠦᠨ ᠢᠶᠠᠷ ᠨᠡᠯᠢᠶᠡᠳ ᠴᠢᠩᠭ᠎ᠠ ᠂ ᠦᠭᠦᠭᠦᠯᠭᠦ ᠨᠤᠷᠮ᠎ᠠ | ᠨᠡᠯᠢᠶᠡᠳ ᠥᠨᠳᠥᠷ ᠸᠢᠷᠦ᠋ᠰ ᠤᠨ ᠥᠷᠭᠡᠨ ᠢᠶᠠᠷ | ᠳᠡᠯᠭᠡᠷᠡᠬᠦ ᠠᠴᠠ ᠠᠮᠵᠢᠯᠲᠠ ᠲᠠᠢ ᠵᠠᠶᠢᠯᠠᠰᠬᠢᠵᠦ ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠢ | ᠬᠠᠮᠠᠭᠠᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠳᠤ ᠡᠷᠬᠢᠮ ᠨᠠᠨᠳᠢᠨ ᠴᠠᠭ ᠮᠥᠴᠡ ᠶᠢ | ᠣᠯᠭᠤᠭᠰᠠᠨ ᠪᠠᠶᠢᠨ᠎ᠠ ᠃ 2022 ᠣᠨ ᠤ 11 ᠰᠠᠷ᠎ᠠ ᠠᠴᠠ ᠨᠠᠭᠠᠰᠢ ᠂ | ᠪᠢᠳᠡ 《 ᠡᠷᠡᠭᠦᠯ ᠮᠡᠨᠳᠦ ᠶᠢ ᠪᠠᠲᠤᠯᠠᠵᠤ ᠂ ᠬᠦᠨᠳᠦ | ᠡᠪᠡᠳᠴᠢᠨ ᠢ ᠰᠡᠷᠭᠡᠶᠢᠯᠡᠬᠦ 》 ᠶᠢᠨ ᠲᠣᠭᠤᠷᠢᠨ ᠳᠤ ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ ᠂ | ᠨᠡᠯᠢᠶᠡᠳ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠱᠠᠲᠤ | ᠬᠤᠭᠤᠴᠠᠭ᠎ᠠ ᠰᠢᠯᠵᠢᠭᠦ ᠶᠢ ᠪᠡᠶᠡᠯᠡᠭᠦᠯᠵᠦ ᠂ 2 ᠳ᠋ᠦᠩᠰᠢᠭᠤᠷ | ᠭᠠᠷᠤᠢ ᠬᠥᠮᠥᠨ ᠢ ᠡᠮᠨᠡᠨ ᠵᠠᠰᠠᠵᠤ ᠂ 80 ᠲᠦᠮᠡ ᠰᠢᠬᠠᠮ ᠬᠦᠨᠳᠦ | ᠡᠪᠡᠳᠴᠢᠲᠡᠨ ᠢ ᠪᠦᠲᠦᠮᠵᠢᠲᠡᠶ ᠠᠪᠤᠷᠠᠨ ᠵᠠᠰᠠᠵᠤ ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠦᠬᠦᠬᠦ ᠨᠣᠷᠮ᠎ᠠ ᠶᠢ ᠪᠦᠭᠦ ᠪᠥᠮᠪᠥᠷᠴᠡᠭ ᠤᠨ | ᠬᠠᠮᠤᠭ ᠤᠨ ᠳᠣᠣᠷ᠎ᠠ ᠲᠦᠪᠰᠢᠨ ᠳᠤ ᠪᠠᠶᠢᠯᠭᠠᠬᠤ ᠶᠢ | ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ | ᠲᠡᠦᠬᠡᠨ ᠳᠡᠭᠡᠷᠡᠬᠢ ᠬᠥᠮᠥᠨ ᠠᠮᠠ ᠣᠯᠠᠨᠲᠠᠢ ᠶᠡᠭᠡ ᠤᠯᠤᠰ ᠤᠨ | ᠬᠢᠵᠢᠭ ᠶᠡᠭᠡ ᠪᠠᠷ ᠦᠷᠪᠢᠰᠦᠨ ᠳᠡᠯᠭᠡᠷᠡᠬᠦ ᠶᠢ ᠬᠤᠷᠢᠭᠯᠠᠵᠤ | ᠴᠢᠳᠠᠭᠰᠠᠨ ᠭᠠᠶᠢᠬᠠᠮᠰᠢᠭ ᠢ ᠡᠭᠦᠳᠴᠡᠢ ᠃ ᠨᠠᠮ ᠤᠨ ᠲᠥᠪ | ᠬᠤᠷᠢᠶ᠎ᠠ ᠶᠢᠨ ᠬᠢᠵᠢᠭ ᠤᠨ ᠪᠠᠶᠢᠳᠠᠯ ᠤᠨ ᠲᠤᠬᠠᠢ ᠴᠢᠬᠤᠯᠠ | ᠶᠡᠭᠡ ᠮᠠᠭᠠᠳᠯᠠᠯᠲᠠ ᠂ ᠰᠡᠷᠭᠡᠶᠢᠯᠡᠨ ᠡᠵᠡᠮᠳᠡᠬᠦ ᠠᠵᠢᠯ ᠤᠨ | ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠂ | ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠴᠢᠬᠤᠯᠠ | ᠶᠡᠭᠡ ᠲᠣᠬᠢᠷᠠᠭᠤᠯᠤᠯᠲᠠ ᠪᠣᠯ ᠪᠦᠷᠢᠮᠦᠰᠦᠨ ᠵᠥᠪ ᠶᠤᠮ ᠂ ᠠᠷᠭ᠎ᠠ | ᠬᠡᠮᠵᠢᠶ᠎ᠡ ᠨᠢ ᠬᠦᠴᠦᠲᠡᠢ ᠂ ᠤᠯᠠᠨ ᠲᠦᠮᠡᠨ ᠳᠤ ᠮᠡᠳᠡᠷᠡᠭᠳᠡᠵᠦ | ᠂ ᠦᠷ᠎ᠡ ᠪᠦᠲᠦᠮᠵᠢ ᠨᠢ ᠯᠤᠲᠤ ᠶᠡᠭᠡ ᠭᠡᠳᠡᠭ ᠢ ᠦᠢᠯᠡᠳᠦᠯᠭᠡ | ᠭᠡᠷᠡᠴᠢᠯᠡᠵᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠣᠳᠣᠬᠠᠨ ᠳᠤ ᠪᠦᠭᠦ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ ᠂ | 《 ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ 》 ᠶᠢᠨ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠲᠤᠨ ᠳᠤ | ᠲᠣᠭᠲᠠᠭᠤᠨ ᠢᠶᠠᠷ ᠣᠷᠣᠪᠠ ᠂ ᠭᠡᠪᠡᠴᠦ ᠪᠦᠭᠦ ᠪᠥᠮᠪᠥᠷᠴᠡᠭ ᠲᠤ | ᠬᠢᠵᠢᠭ ᠮᠥᠨ ᠬᠦ ᠳᠡᠯᠭᠡᠷᠡᠵᠦ ᠂ ᠸᠢᠷᠦ᠋ᠰ ᠮᠥᠨ ᠬᠦ ᠲᠠᠰᠤᠷᠠᠯᠲᠠ | ᠦᠭᠡᠢ ᠣᠨᠳᠣᠣᠰᠢᠨ ᠬᠤᠪᠢᠷᠠᠵᠤ ᠪᠠᠶᠢᠨ᠎ᠠ ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠠᠨᠠᠭ᠎ᠠ | ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ 3 ᠵᠢᠯ | ᠭᠠᠷᠤᠢ ᠶᠢᠨ ᠲᠤᠷᠰᠢᠬᠢ ᠢᠯᠠᠩᠭᠤᠶ᠎ᠠ ᠣᠶᠢᠷ᠎ᠠ ᠶᠢᠨ ᠨᠢᠭᠡ | ᠬᠡᠰᠡᠭ ᠬᠤᠭᠤᠴᠠᠭᠠᠨ ᠤ ᠲᠤᠷᠰᠢᠯᠭ᠎ᠠ ᠠᠷᠭ᠎ᠠ ᠬᠢᠳᠡᠯ ᠢᠶᠠᠨ | ᠭᠦᠨᠵᠡᠭᠡᠢ ᠳ᠋ᠦᠩᠨᠡᠵᠦ ᠂ ᠬᠠᠮᠢᠶ᠎ᠠ ᠪᠦᠬᠦᠢ ᠲᠣᠭᠲᠠᠴᠠ ᠪᠠ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ ᠂ ᠰᠢᠨ᠎ᠡ ᠱᠠᠲᠤ | ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ | ᠨᠠᠷᠢᠯᠢᠭ ᠠᠳᠬᠤᠵᠤ ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠬᠦᠴᠦᠷᠬᠡᠭᠵᠢᠭᠦᠯᠵᠦ ᠂ ᠭᠢᠯᠪᠠᠷ ᠪᠤᠰᠤ ᠪᠠᠷ ᠣᠯᠣᠭᠰᠠᠨ | ᠴᠢᠬᠤᠯᠠ ᠶᠡᠭᠡ ᠦᠷ᠎ᠡ ᠪᠦᠲᠦᠭᠡᠯ ᠢ ᠡᠷᠡᠰ ᠪᠠᠲᠤᠳᠬᠠᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 《 ᠲᠦᠷᠪᠡᠨ | ᠲᠠᠯ᠎ᠠ ᠶᠢᠨ ᠬᠠᠷᠢᠭᠤᠴᠠᠯᠭ᠎ᠠ 》 ᠶᠢ ᠪᠣᠳᠠᠲᠠᠶᠢᠵᠢᠭᠤᠯᠵᠤ ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠂ | ᠠᠶᠤᠯ ᠲᠦᠭᠰᠢᠭᠦᠷᠢ ᠲᠠᠢ ᠬᠥᠮᠥᠰ ᠢ ᠬᠠᠮᠢᠶᠠᠷᠤᠨ ᠡᠵᠡᠮᠳᠡᠬᠦ | ᠠᠵᠢᠯ ᠢ ᠰᠠᠶᠢᠲᠤᠷ ᠬᠢᠵᠦ ᠂ ᠤᠳᠤ ᠶᠢᠨ ᠪᠠᠶᠢᠭ᠎ᠠ ᠠᠵᠢᠯ ᠤᠨ | ᠰᠠᠭᠤᠷᠢᠨ ᠳᠡᠭᠡᠷ᠎ᠡ ᠲᠠᠭᠢᠨ ᠠᠬᠢᠭᠤᠯᠵᠤ ᠲᠠᠭᠢᠨ | ᠨᠠᠶᠢᠳᠠᠪᠤᠷᠢᠵᠢᠭᠤᠯᠬᠤ ᠬᠡᠷᠡᠭᠲᠡᠢ ᠃ ᠬᠢᠵᠢᠭ ᠤᠨ | ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠤᠯᠤᠨ | ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ ᠂ ᠬᠢᠵᠢᠭ ᠤᠨ ᠪᠠᠶᠢᠳᠠᠯ ᠢ | ᠬᠢᠨᠠᠨ ᠭᠡᠮᠵᠢᠭᠦ ᠰᠢᠰᠲ᠋ᠧᠮ ᠪᠣᠯᠣᠨ ᠮᠡᠳᠡᠭᠡ ᠵᠠᠩᠭᠢ ᠶᠢ | ᠮᠡᠳᠡᠭᠦᠯᠭᠦ ᠳᠦᠷᠢᠮ ᠢ ᠪᠦᠷᠢᠨᠰᠢᠭᠦᠯᠵᠦ ᠂ ᠴᠠᠭ ᠲᠤᠬᠠᠢ ᠳᠤᠨᠢ | ᠣᠨᠣᠪᠴᠢᠲᠠᠶ ᠤᠷᠢᠳᠴᠢᠯᠠᠨ ᠰᠡᠷᠡᠮᠵᠢᠯᠡᠭᠦᠯᠭᠦ ᠶᠢᠨ ᠬᠠᠮᠲᠤ | ᠴᠢᠬᠤᠯᠠ ᠪᠦᠬᠦᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠠᠪᠬᠤ ᠬᠡᠷᠡᠭᠲᠡᠢ ᠃ ᠸᠢᠷᠦ᠋ᠰ ᠤᠨ ᠣᠨᠳᠣᠣᠰᠢᠯ ᠪᠠ | ᠸᠠᠺᠼᠢᠨ ᠤ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ ᠂ | ᠲᠠᠷᠠᠭᠠᠴᠢ ᠶᠢᠨ ᠱᠠᠲᠤᠨ ᠤ ᠸᠠᠺᠼᠢᠨ ᠤ ᠲᠠᠷᠢᠯᠭ᠎ᠠ ᠬᠢᠬᠦ | ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ | ᠨᠠᠰᠤᠲᠠᠶᠢᠴᠤᠳ ᠤᠨ ᠲᠠᠷᠢᠯᠭ᠎ᠠ ᠬᠢᠬᠦ ᠨᠣᠷᠮ᠎ᠠ ᠶᠢ | ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠃ | ᠪᠠᠶᠢᠩᠭᠤᠵᠢᠭᠰᠠᠨ ᠲᠡᠰ ᠬᠤᠪᠢᠶᠠᠬᠤ ᠱᠠᠲᠤ ᠬᠤᠪᠢᠶᠠᠬᠤ | ᠲᠠᠷᠬᠠᠭᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠡᠬᠢ | ᠪᠠᠶᠠᠯᠢᠭ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ ᠂ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠪᠠᠷ ᠭᠤᠣᠯ ᠴᠣᠭᠴᠠ | ᠪᠤᠯᠭᠠᠬᠰᠠᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠤᠨ | ᠬᠦᠴᠦᠷᠬᠡᠭᠵᠢᠭᠦᠯᠬᠦ ᠬᠡᠷᠡᠭᠲᠡᠢ ᠃ ᠡᠮᠴᠢᠯᠡᠭᠡᠨ ᠤ ᠡᠳ᠋ | ᠪᠣᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠶᠢ | ᠴᠢᠩᠭᠠᠳᠬᠠᠵᠤ ᠂ ᠨᠥᠭᠡᠴᠡᠯᠡᠬᠦ ᠳᠦᠷᠢᠮ ᠪᠣᠯᠣᠨ ᠭᠠᠷᠴᠠᠭ ᠢ | ᠲᠡᠭᠦᠯᠳᠡᠷᠵᠢᠭᠦᠯᠵᠦ ᠂ ᠠᠵᠢᠯᠲᠠᠨ ᠂ ᠡᠳ᠋ ᠪᠣᠳᠠᠰ ᠢ | ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠶᠢ | ᠪᠠᠬᠢᠵᠢᠭᠦᠯᠦᠨ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ | ᠡᠮᠦᠨ᠎ᠡ ᠹᠷᠣᠨᠲ ᠤᠨ ᠴᠢᠳᠠᠪᠤᠷᠢ ᠂ ᠡᠮ ᠤᠨ ᠵᠦᠢᠯᠡᠰ ᠂ ᠲᠤᠨᠤᠭ | ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ | ᠲᠠᠯ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ | ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠤᠨ ᠠᠮᠢ ᠨᠠᠰᠤ | ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ | ᠬᠢᠵᠢᠭ ᠲᠠᠢ ᠲᠡᠮᠡᠴᠡᠭᠰᠡᠨ ᠴᠢᠬᠤᠯᠠ ᠦᠷ᠎ᠡ ᠪᠦᠲᠦᠭᠡᠯ ᠢ ᠬᠤᠪᠢ | ᠳᠠᠭᠢᠨ ᠨᠠᠨᠳᠢᠩᠨᠠᠵᠤ ᠂ ᠳᠤᠮᠳᠠᠳᠤ ᠤᠯᠤᠰ ᠤᠨ ᠬᠢᠵᠢᠭ ᠲᠠᠢ | ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ ᠂ ᠪᠦᠭᠦ ᠨᠠᠮ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠵᠣᠷᠢᠭᠵᠢᠭᠤᠯᠤᠨ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠠᠷᠰᠢ | ᠰᠠᠭᠠᠳ ᠢ ᠢᠯᠡᠨ ᠳᠠᠪᠠᠵᠤ ᠂ ᠡᠷᠡᠮᠡᠬᠡᠶᠢᠯᠡᠨ ᠤᠷᠤᠭᠰᠢᠯᠠᠬᠤ | ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | |