2023 ᠣᠨ ᠤ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/23

       2 ᠳ᠋ᠤᠭᠠᠷ ᠰᠠᠷ᠎ᠠ ᠶᠢᠨ 22 ᠤᠨ ᠡᠳᠦᠷ᠂ 2023 ᠣᠨ ᠤ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ

ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠬᠤᠷᠠᠯ ᠠᠴᠠ ᠮᠠᠨ ᠤ ᠬᠤᠰᠢᠭᠤᠨ ᠤ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠤᠯᠤᠳ ᠬᠤᠷᠠᠯ ᠳᠤ

ᠣᠷᠣᠯᠴᠠᠵᠠᠢ᠃

       ᠬᠤᠷᠠᠯ ᠠᠴᠠ ᠲᠥᠪ ᠤᠨ ᠨᠢᠭᠡᠳᠦᠭᠡᠷ ᠲᠣᠭᠠᠲᠤ ᠪᠢᠴᠢᠭ  ᠮᠡᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃

      ᠬᠤᠷᠠᠯ ᠠᠴᠠ᠂ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠨᠢ ᠪᠦᠬᠦ ᠲᠠᠯ᠎ᠠ ᠲᠠᠢ ᠬᠤᠯᠪᠣᠭᠳᠠᠵᠤ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ

ᠲᠠᠯ᠎ᠠ ᠪᠠᠷ ᠠᠬᠢᠭᠤᠯᠬᠤ ᠡᠭᠦᠷᠭᠡ ᠬᠠᠲᠠᠭᠤ ᠪᠡᠷᠬᠡ ᠶᠤᠮ᠃ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ

ᠰᠠᠨᠠᠭᠠᠨ ᠤ ᠬᠠᠮᠲᠤ ᠶᠢᠨ ᠲᠠᠨᠢᠯᠲᠠ ᠪᠠᠨ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠬᠤᠷᠢᠭ᠎ᠠ ᠱᠤᠭᠤᠮ ᠤᠨ ᠡᠭᠦᠷᠭᠡ ᠪᠣᠯᠭᠠᠵᠤ᠂ ︽

ᠬᠤᠶᠠᠷ ᠢ ᠪᠠᠭᠠᠰᠬᠠᠵᠤ᠂ ᠬᠤᠶᠠᠷ ᠢ ᠪᠠᠲᠤᠯᠠᠬᠤ︾ ᠣᠨ ᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ

 ᠠᠴᠠ ᠪᠠᠨ ᠠᠵᠢᠯᠯᠠᠵᠤ᠂ ᠣᠯᠣᠯᠴᠠᠨ ᠵᠣᠯᠭᠠᠭᠤᠯᠬᠤ ᠶᠢ ᠴᠢᠩᠭᠠᠳᠬᠠᠨ᠂ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ 2023 ᠣᠨ ᠤ ᠪᠥᠬᠦ ᠬᠤᠰᠢᠭᠤᠨ ᠤ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ  ᠬᠡᠪᠠ᠃

 

ᠢᠷᠡᠯᠲᠡ᠄ ᠲᠤᠰ ᠰᠦᠯᠵᠢᠶ᠎ᠠ