ᠰᠢ ᠶᠢᠨ ᠫᠢᠩ ᠫᠠᠺᠢᠰᠲ᠋ᠠᠨ ᠤ ᠪᠧᠱᠸᠸᠧᠷ ᠤᠨ ᠬᠦᠨᠳᠦ ᠨᠣᠴᠢᠲᠠᠢ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠤᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
  
2023/2/3

         ᠯᠢ ᠺᠧ ᠴᠢᠶᠠᠩ ᠫᠠᠺᠢᠰᠲ᠋ᠠᠨ  ᠤ ᠶᠡᠷᠦᠩᠬᠡᠢ ᠰᠠᠶᠢᠳ

ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ

ᠶᠠᠪᠤᠭᠤᠯᠪᠠ 

         2 ᠰᠠᠷ᠎ᠠ ᠶᠢᠨ 1᠎ ᠤ ᠡᠳᠦᠷ ᠂ ᠤᠯᠤᠰ ᠤᠨ ᠲᠡᠷᠢᠭᠦᠯᠡᠭᠴᠢ

ᠰᠢ ᠶᠢᠨ ᠫᠢᠩ ᠫᠠᠺᠢᠰᠲ᠋ᠠᠨ ᠳᠤ ᠬᠦᠨᠳᠦ ᠨᠣᠴᠢᠲᠠᠢ

ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠤᠭᠰᠠᠨ

ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ

ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ ᠃ 

         ᠰᠢ ᠶᠢᠨ ᠫᠢᠩ ᠂ ᠡᠷᠬᠢᠮ ᠤᠯᠤᠰ ᠤᠨ ᠺᠠᠶᠢᠫᠦ᠋ ᠮᠤᠵᠢ ᠶᠢᠨ

ᠪᠧᠱᠸᠸᠧᠷ ᠬᠤᠳᠠ ᠳᠤ ᠬᠦᠨᠳᠦ ᠨᠣᠴᠢᠲᠠᠢ ᠰᠦᠷᠳᠡᠭᠦᠯᠦᠯ ᠤᠨ

ᠳᠠᠭᠠᠷᠢᠯᠲᠠ ᠶᠢᠨ ᠬᠡᠷᠡᠭ ᠭᠠᠷᠴᠤ ᠂ ᠬᠥᠮᠥᠨ ᠬᠠᠷ᠎ᠠ ᠬᠦᠨᠳᠦ

ᠨᠣᠴᠢᠲᠠᠢ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ 

᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ

ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ

ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠂ ᠰᠢᠷᠬᠠᠲᠤᠭᠰᠠᠳ

ᠪᠣᠯᠣᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ

ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ

ᠢᠯᠡᠳᠬᠡᠪᠡ ᠃

         ᠰᠢ ᠶᠢᠨ ᠫᠢᠩ ᠂ ᠳᠤᠮᠳᠠᠳᠤ ᠤᠯᠤᠰ ᠶᠠᠮᠠᠷᠪᠠ

ᠭᠡᠯᠪᠡᠷᠢ ᠶᠢᠨ ᠰᠦᠷᠳᠡᠭᠦᠯᠭᠦ ᠦᠵᠡᠯ ᠢ ᠡᠰᠡᠷᠭᠦᠴᠡᠨ᠎ᠡ ᠂ ᠡᠨᠡ

ᠬᠦ ᠬᠡᠷᠡᠭ ᠢ ᠴᠢᠩᠭ᠎ᠠ ᠪᠤᠷᠤᠭᠤᠰᠢᠶᠠᠨ ᠵᠢᠮᠡᠯᠡᠵᠦ ᠪᠠᠶᠢᠨ᠎ᠠ ᠃ 

ᠳᠤᠮᠳᠠᠳᠤ ᠤᠯᠤᠰ ᠫᠠᠺᠢᠰᠲ᠋ᠠᠨ ᠤᠯᠤᠰ ᠤᠨ ᠰᠦᠷᠳᠡᠭᠦᠯᠦᠯ ᠢ

ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠵᠤ 

᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ ᠂ ᠠᠷᠠᠳ ᠤᠯᠠᠨ ᠤ

ᠠᠮᠤᠷ ᠲᠦᠪᠰᠢᠨ ᠢ ᠬᠠᠮᠠᠭᠠᠯᠠᠬᠤ ᠶᠢ ᠦᠷᠭᠦᠯᠵᠢᠯᠡᠨ ᠡᠷᠡᠰ

ᠳᠡᠮᠵᠢᠵᠦ ᠂ ᠳᠤᠷᠠᠲᠠᠶ᠎ᠠ ᠫᠠᠺᠢᠰᠲ᠋ᠠᠨ ᠯᠤᠭ᠎ᠠ

ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ ᠂ ᠲᠤᠰ ᠭᠠᠵᠠᠷ ᠣᠷᠣᠨ ᠴᠢᠨᠠᠭᠰᠢᠯᠠᠪᠠᠯ

ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ

ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ ᠃ 

         ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶᠠᠨ ᠤ

ᠶᠡᠷᠦᠩᠬᠡᠢ ᠰᠠᠶᠢᠳ ᠯᠢ ᠺᠧ ᠴᠢᠶᠠᠩ ᠫᠠᠺᠢᠰᠲ᠋ᠠᠨ ᠤ ᠶᠡᠷᠦᠩᠬᠡᠢ

ᠰᠠᠶᠢᠳ ᠱᠠᠬᠪᠠᠽᠢ ᠎ ᠳᠤ ᠲᠣᠬᠤᠨᠢᠭᠤᠯᠬᠤ ᠴᠠᠭᠢᠯᠭᠠᠨ ᠴᠢᠮᠡᠭᠡ

ᠶᠠᠪᠤᠭᠤᠯᠪᠠ ᠃    

 

 

          