ᠠᠷᠠᠳ ᠤᠨ ᠶᠠᠪᠤᠳᠠᠯ ᠤᠨ ᠲᠢᠩᠬᠢᠮ ᠠᠴᠠ 60 ᠵᠤᠷᠪᠤᠰ ᠠᠷᠭ᠎ᠠ ᠬᠡᠮᠵᠢᠶ᠎ᠡ ᠠᠪᠴᠤ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ
  
2023/2/7

         2 ᠳ᠋ᠤᠭᠠᠷ ᠰᠠᠷ᠎ᠠ ᠶᠢᠨ 2᠎ ᠤᠨ ᠡᠳᠦᠷ᠂ ᠥᠪᠡᠷᠲᠡᠭᠡᠨ

ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ

《ᠵᠢᠷᠤᠮᠵᠢᠭᠤᠯᠤᠨ ᠴᠣᠮᠬᠠᠳᠬᠠᠵᠤ ᠬᠤᠷᠳᠤᠴᠠ ᠶᠢ 

ᠳᠡᠭᠡᠭᠰᠢᠯᠡᠭᠦᠯᠬᠦ ᠱᠠᠭᠠᠷᠳᠠᠯᠭ᠎ᠠ ᠶᠢ

ᠨᠠᠶᠢᠳᠠᠪᠤᠷᠢᠵᠢᠭᠤᠯᠵᠦ ᠪᠥᠬᠦ ᠲᠠᠯ᠎ᠠ ᠪᠠᠷ ᠠᠵᠢᠯ ᠤᠨ 

ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ

ᠳᠡᠭᠡᠭᠰᠢᠯᠡᠭᠦᠯᠵᠦ ᠦᠷ᠎ᠡ ᠪᠦᠲᠦᠮᠵᠢ ᠶᠢ

ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠠᠷᠭ᠎ᠠ

ᠬᠡᠮᠵᠢᠶ᠎ᠡ  》᠎ ᠢ ᠳᠠᠷᠤᠮᠠᠯᠯᠠᠨ ᠲᠠᠷᠬᠠᠭᠠᠵᠤ᠂ 60 ᠵᠤᠷᠪᠤᠰ

ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 《ᠲᠦᠷᠭᠡᠨ 

》 ᠪᠠᠶᠢᠬᠤ ᠶᠢ ᠲᠡᠷᠢᠭᠦᠨ ᠳᠤ ᠲᠠᠯᠪᠢᠬᠤ᠂ 《ᠪᠣᠳᠠᠲᠠᠢ 》

ᠠᠵᠢᠯᠯᠠᠬᠤ ᠶᠢ ᠤᠷᠢᠳ ᠢᠶᠠᠷ ᠪᠣᠳᠣᠯᠬᠢᠯᠠᠵᠤ ᠂ 《ᠰᠢᠯᠢᠳᠡᠭ

》᠎ ᠠᠴᠠ ᠰᠢᠯᠢᠳᠡᠭ ᠢ ᠡᠷᠬᠢᠮᠯᠡᠬᠦ ᠪᠠᠷ ᠪᠠᠷᠢᠮᠵᠢᠶ᠎ᠠ

ᠪᠣᠯᠭᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ 

ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂

ᠠᠷᠠᠳ ᠤᠨ ᠶᠠᠪᠤᠳᠠᠯ ᠤᠨ ᠦᠢᠯᠡᠰ ᠤᠨ ᠶᠠᠰᠤ ᠴᠢᠨᠠᠷ ᠢ

ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ

ᠠᠬᠢᠭᠤᠯᠬᠤ ᠶᠢ ᠵᠣᠷᠢᠭᠰᠠᠨ ᠪᠠᠶᠢᠨ᠎ᠠ᠃

      60 ᠵᠤᠷᠪᠤᠰ ᠪᠣᠳᠠᠲᠠᠢ ᠠᠷᠭ᠎ᠠ ᠬᠡᠮᠵᠢᠶ᠎ᠡ ᠨᠢ ᠠᠯᠪᠠᠨ

ᠪᠢᠴᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂

ᠬᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ 

ᠰᠢᠮᠳᠠᠭᠤᠯᠤᠨ ᠭᠦᠢᠴᠡᠳᠬᠡᠬᠦ ᠶᠠᠰᠤ ᠴᠢᠨᠠᠷ ᠢ

ᠳᠡᠭᠡᠭᠰᠢᠯᠡᠭᠦᠯᠬᠦ᠂ ᠪᠠᠶᠢᠴᠠᠭᠠᠨ ᠰᠤᠳᠤᠯᠤᠯᠲᠠ ᠶᠢᠨ 

ᠵᠡᠷᠭᠡᠯᠡᠯ ᠢ ᠳᠡᠭᠡᠭᠰᠢᠯᠡᠭᠦᠯᠬᠦ᠂ ᠵᠠᠰᠠᠭ ᠤᠨ ᠶᠠᠪᠤᠳᠠᠯ ᠢ

ᠢᠯᠡ ᠪᠣᠯᠭᠠᠨ ᠲᠦᠷᠭᠡᠳᠬᠡᠬᠦ᠂ ᠬᠠᠤᠯᠢ ᠪᠠᠷ ᠵᠠᠰᠠᠬᠤ ᠪᠦᠲᠦᠭᠡᠨ 

ᠪᠠᠶᠢᠭᠤᠯᠤᠯᠲᠠ ᠶᠢ ᠠᠬᠢᠭᠤᠯᠬᠤ ᠂ ᠠᠵᠢᠯᠲᠠᠨ ᠤ ᠶᠠᠪᠤᠳᠠᠯ ᠤᠨ

ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠬᠠᠷᠠᠯᠲᠠ ᠳᠤ 

ᠠᠩᠬᠠᠷᠤᠯ ᠢᠶᠠᠨ ᠲᠥᠪᠯᠡᠷᠡᠭᠦᠯᠵᠦ ᠂ ᠪᠢᠴᠢᠭ ᠮᠠᠲ᠋ᠧᠷᠢᠶᠠᠯ

ᠶᠠᠪᠤᠭᠤᠯᠬᠤ᠂ ᠬᠦᠯᠢᠶᠡᠨ ᠠᠪᠬᠤ ᠪᠠ ᠭᠦᠢᠴᠡᠳᠬᠡᠬᠦ

ᠬᠤᠷᠳᠤᠴᠠ ᠶᠢ ᠨᠡᠮᠡᠭᠳᠡᠭᠦᠯᠵᠦ ᠂ ᠲᠢᠩᠬᠢᠮ ᠤᠨ

ᠤᠳᠤᠷᠢᠳᠤᠯᠭ᠎ᠠ 1 ᠠᠵᠢᠯᠯᠠᠬᠤ ᠡᠳᠦᠷ ᠤᠨ ᠳᠣᠲᠣᠷ᠎ᠠ ᠠᠯᠪᠠᠨ

ᠪᠢᠴᠢᠭ ᠢ ᠤᠩᠰᠢᠨ ᠴᠣᠬᠤᠯᠠᠪᠤᠷᠢᠯᠠᠵᠤ ᠂ ᠭᠠᠵᠠᠷ ᠠᠯᠪᠠᠨ ᠭᠡᠷ  

ᠨᠢᠭᠡᠴᠢ  ᠎ ᠤᠨ ᠬᠠᠷᠢᠭᠤᠴᠠᠯᠭᠠᠲᠠᠨ 1 ᠠᠵᠢᠯᠯᠠᠬᠤ ᠡᠳᠦᠷ ᠤᠨ

ᠳᠣᠲᠣᠷ᠎ᠠ ᠡᠭᠦᠷᠭᠡ ᠶᠢ ᠠᠵᠢᠯᠲᠠᠨ ᠳᠤ 

ᠨᠠᠶᠢᠳᠠᠪᠤᠷᠢᠵᠢᠭᠤᠯᠤᠨ᠎ᠠ ︔ ᠰᠢᠮᠳᠠᠭᠤᠯᠤᠨ ᠭᠦᠢᠴᠡᠳᠬᠡᠬᠦ 

ᠵᠦᠢᠯᠡᠰ ᠤᠨ ᠡᠭᠦᠷᠭᠡ ᠶᠢ ᠬᠤᠪᠢᠶᠠᠷᠢᠯᠠᠬᠤ ᠂ ᠭᠦᠢᠴᠡᠳᠬᠡᠬᠦ᠂

ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠦᠷ᠎ᠡ

ᠪᠦᠲᠦᠮᠵᠢ ᠶᠢ ᠳᠡᠭᠡᠭᠰᠢᠯᠡᠭᠦᠯᠵᠦ᠂ ᠡᠩ ᠤᠨ ᠪᠠᠶᠢᠳᠠᠯ ᠳᠤ 1-3

ᠠᠵᠢᠯᠯᠠᠬᠤ ᠡᠳᠦᠷ ᠤᠨ ᠳᠣᠲᠣᠷ᠎ᠠ ᠪᠠᠶᠢᠷᠢᠯᠠᠭᠤᠯᠤᠨ

ᠨᠠᠶᠢᠳᠠᠪᠤᠷᠢᠵᠢᠭᠤᠯᠵᠤ᠂ 15 ᠠᠵᠢᠯᠯᠠᠬᠤ ᠡᠳᠦᠷ ᠤᠨ ᠳᠣᠲᠣᠷ᠎ᠠ

ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠶ

ᠪᠣᠯᠭᠠᠨ᠎ᠠ︔ ᠰᠢᠮᠳᠠᠭᠤᠯᠤᠨ ᠭᠦᠢᠴᠡᠳᠬᠡᠬᠦ ᠡᠭᠦᠷᠭᠡ ᠶᠢᠨ

ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂

ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ

ᠪᠦᠲᠦᠮᠵᠢ ᠣᠯᠬᠤ ᠶᠢ ᠠᠬᠢᠭᠤᠯᠤᠨ᠂ ᠪᠠᠶᠢᠴᠠᠭᠠᠨ

ᠰᠤᠳᠤᠯᠤᠯᠲᠠ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ

ᠴᠢᠩᠭᠠᠳᠬᠠᠵᠤ᠂ ᠦᠨᠳᠦᠰᠦᠨ ᠱᠠᠲᠤ ᠶᠢ ᠬᠠᠪᠰᠤᠷᠤᠨ ᠪᠣᠳᠠᠲᠠᠢ

ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ ︔ 

ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠴᠠᠭ ᠢ 

ᠪᠣᠭᠤᠨᠢᠰᠬᠠᠵᠤ ᠂ ᠠᠵᠢᠯ ᠶᠠᠪᠤᠳᠠᠯ ᠭᠦᠢᠴᠡᠳᠬᠡᠬᠦ

ᠭᠤᠭᠴᠤᠭ᠎ᠠ ᠶᠢ  ᠴᠥᠭᠡᠳᠬᠡᠨ ᠂ ᠭᠤᠶᠤᠴᠢᠯᠠᠬᠤ

ᠮᠠᠲ᠋ᠧᠷᠢᠶᠠᠯ ᠢ ᠴᠣᠮᠬᠠᠳᠬᠠᠵᠤ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠵᠦᠢᠯᠡᠰ ᠤᠨ ᠶᠡᠷᠦᠩᠬᠡᠢ ᠠᠮᠠᠯᠠᠨ

ᠭᠦᠢᠴᠡᠳᠬᠡᠬᠦ ᠴᠠᠭ ᠢ ᠬᠠᠤᠯᠢ ᠪᠠᠷ ᠲᠣᠭᠲᠠᠭᠠᠭᠰᠠᠨ

ᠭᠦᠢᠴᠡᠳᠬᠡᠬᠦ ᠴᠠᠭ ᠠᠴᠠ 30%᠎ ᠠᠴᠠ ᠳᠡᠭᠡᠭᠰᠢ ᠪᠣᠭᠤᠨᠢᠰᠬᠠᠵᠤ 

᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 

ᠴᠣᠩᠬᠤᠪᠴᠢ ᠶᠢᠨ ᠬᠠᠮᠤᠭ ᠠᠷᠪᠢᠨ ᠳᠤ ᠪᠠᠨ ᠨᠢᠭᠡ ᠤᠳᠠᠭ᠎ᠠ

ᠭᠦᠶᠦᠯᠭᠡᠬᠦ ᠶᠢ ᠪᠡᠶᠡᠯᠡᠭᠦᠯᠬᠦ ᠵᠡᠷᠭᠡ ᠶᠢ ᠲᠣᠭᠲᠠᠭᠠᠪᠠ᠃    

 

 

          