ᠭᠤᠷᠪᠠᠨ ᠠᠶᠢᠮᠠᠭ ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠢ ᠪᠥᠬᠦ ᠣᠷᠣᠨ ᠤ 86.7%᠎ ᠶᠢ ᠡᠵᠡᠯᠡᠪᠡ
  
2023/2/8
          ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ 2022 ᠣᠨ ᠳᠤ᠂ ᠪᠥᠬᠦ ᠣᠷᠣᠨ ᠤ ᠨᠡᠭᠦᠷᠡᠰᠦ ᠭᠠᠷᠳᠠᠭ 11 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠢ ᠳᠡᠭᠡᠭᠰᠢᠯᠡᠯᠲᠡ ᠲᠠᠢ ᠮᠥᠷᠲᠡᠭᠡᠨ ᠪᠠᠭᠤᠷᠠᠯᠲᠠ ᠲᠠᠢ ᠪᠠᠶᠢᠪᠠ᠃ ᠡᠭᠦᠨ ᠳᠤ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ ᠪᠣᠯᠣᠨ ᠬᠥᠯᠥᠨ ᠪᠤᠶᠢᠷ ᠬᠤᠲᠠ ᠶᠢᠨ ᠲᠦᠭᠦᠬᠡᠢ ᠨᠡᠭᠦᠷᠡᠰᠦᠨ ᠤ ᠵᠢᠯ ᠤᠨ ᠭᠠᠷᠤᠯᠲᠠ ᠨᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠲᠣᠮᠣ ᠭᠤᠣᠯ ᠭᠠᠷᠤᠯᠲᠠ ᠶᠢᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠢ ᠲᠣᠰ ᠲᠣᠰ 7.79 ᠳ᠋ᠦᠩᠰᠢᠭᠤᠷ ᠲᠣᠨ᠂ 1.35 ᠳ᠋ᠦᠩᠰᠢᠭᠤᠷ ᠲᠣᠨ ᠪᠠ 1.04 ᠳ᠋ᠦᠩᠰᠢᠭᠤᠷ ᠲᠣᠨ ᠳᠤ ᠬᠦᠷᠴᠦ᠂ ᠲᠣᠰ ᠲᠣᠰ ᠲᠦᠷᠦᠭᠦᠸ ᠵᠢᠯ ᠤᠨ ᠬᠢ ᠠᠴᠠ 11.7%᠂ 10.7% ᠪᠠ 9.6%᠎ ᠪᠠᠷ ᠨᠡᠮᠡᠭᠳᠡᠵᠦ᠂ ᠨᠡᠶᠢᠲᠡ ᠭᠠᠷᠤᠯᠲᠠ ᠶᠢᠨ ᠬᠡᠮᠵᠢᠶ᠎ᠡ ᠨᠢ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 86.7%᠎ ᠶᠢ ᠡᠵᠡᠯᠡᠵᠦ᠂ 2021 ᠣᠨ ᠤ ᠬᠢ ᠠᠴᠠ 1.2 ᠵᠠᠭᠤᠨ ᠤ ᠴᠡᠭ ᠳᠡᠭᠡᠭᠰᠢᠯᠡᠨ᠂ ᠪᠥᠬᠦ ᠣᠷᠣᠨ ᠤ ᠨᠡᠭᠦᠷᠡᠰᠦᠨ ᠤ ᠭᠠᠷᠤᠯᠲᠠ ᠶᠢ ᠳᠠᠶᠢᠴᠢᠯᠠᠨ 9.7 ᠵᠠᠭᠤᠨ ᠤ ᠴᠡᠭ ᠨᠡᠮᠡᠭᠳᠡᠭᠦᠯᠪᠡ᠃         2022 ᠣᠨ ᠠᠴᠠ ᠨᠠᠭᠠᠰᠢ᠂ ᠮᠠᠨ ᠤ ᠣᠷᠣᠨ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠶᠢ ᠢᠳᠡᠪᠬᠢᠲᠡᠢ ᠠᠬᠢᠭᠤᠯᠪᠠ᠃ 2022 ᠣᠨ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠢ 11.74 ᠳ᠋ᠦᠩᠰᠢᠭᠤᠷ ᠲᠣᠨ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.4 ᠳ᠋ᠦᠩᠰᠢᠭᠤᠷ ᠲᠣᠨ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 10.1%᠎ ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢ ᠪᠠᠲᠤᠯᠠᠪᠠ᠃ ᠲᠦᠭᠦᠬᠡᠢ ᠨᠡᠭᠦᠷᠡᠰᠦᠨ ᠤ ᠰᠠᠷ᠎ᠠ ᠶᠢᠨ ᠦᠢᠯᠡᠳᠪᠦᠷᠢᠯᠡᠯ ᠠᠴᠠ ᠦᠵᠡᠪᠡᠯ᠂ 11 ᠳ᠋ᠦ᠋ᠭᠡᠷ ᠰᠠᠷ᠎ᠠ᠂ 12 ᠳ᠋ᠤᠭᠠᠷ ᠰᠠᠷ᠎ᠠ ᠳᠤ ᠪᠦᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠨᠢ ᠬᠤᠶᠠᠷ ᠰᠠᠷ᠎ᠠ ᠳᠠᠷᠠᠭᠠᠯᠠᠨ ᠳ᠋ᠦᠩᠰᠢᠭᠤᠷ ᠲᠣᠨ ᠢ ᠳᠠᠪᠠᠵᠤ᠂ 12 ᠳ᠋ᠤᠭᠠᠷ ᠰᠠᠷ᠎ᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠢ 10390.1 ᠲᠦᠮᠡᠨ ᠲᠣᠨ ᠳᠤ ᠬᠦᠷᠴᠡᠢ᠃      
          