| ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ 2022 ᠣᠨ ᠳᠤ᠂ | ᠪᠥᠬᠦ ᠣᠷᠣᠨ ᠤ ᠨᠡᠭᠦᠷᠡᠰᠦ ᠭᠠᠷᠳᠠᠭ 11 ᠠᠶᠢᠮᠠᠭ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠢ | ᠳᠡᠭᠡᠭᠰᠢᠯᠡᠯᠲᠡ ᠲᠠᠢ ᠮᠥᠷᠲᠡᠭᠡᠨ ᠪᠠᠭᠤᠷᠠᠯᠲᠠ ᠲᠠᠢ | ᠪᠠᠶᠢᠪᠠ᠃ ᠡᠭᠦᠨ ᠳᠤ᠂ ᠣᠷᠳᠣᠰ ᠬᠤᠲᠠ᠂ ᠰᠢᠯᠢ ᠶᠢᠨ ᠭᠤᠣᠯ | ᠠᠶᠢᠮᠠᠭ ᠪᠣᠯᠣᠨ ᠬᠥᠯᠥᠨ ᠪᠤᠶᠢᠷ ᠬᠤᠲᠠ ᠶᠢᠨ ᠲᠦᠭᠦᠬᠡᠢ | ᠨᠡᠭᠦᠷᠡᠰᠦᠨ ᠤ ᠵᠢᠯ ᠤᠨ ᠭᠠᠷᠤᠯᠲᠠ ᠨᠢ ᠴᠥᠮ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠲᠣᠮᠣ ᠭᠤᠣᠯ | ᠭᠠᠷᠤᠯᠲᠠ ᠶᠢᠨ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ | ᠨᠡᠭᠦᠷᠡᠰᠦᠨ ᠤ ᠭᠠᠷᠤᠯᠲᠠ ᠨᠢ ᠲᠣᠰ ᠲᠣᠰ 7.79 ᠳ᠋ᠦᠩᠰᠢᠭᠤᠷ ᠲᠣᠨ᠂ | 1.35 ᠳ᠋ᠦᠩᠰᠢᠭᠤᠷ ᠲᠣᠨ ᠪᠠ 1.04 ᠳ᠋ᠦᠩᠰᠢᠭᠤᠷ ᠲᠣᠨ ᠳᠤ ᠬᠦᠷᠴᠦ᠂ | ᠲᠣᠰ ᠲᠣᠰ ᠲᠦᠷᠦᠭᠦᠸ ᠵᠢᠯ ᠤᠨ ᠬᠢ ᠠᠴᠠ 11.7%᠂ 10.7% ᠪᠠ 9. | 6% ᠪᠠᠷ ᠨᠡᠮᠡᠭᠳᠡᠵᠦ᠂ ᠨᠡᠶᠢᠲᠡ ᠭᠠᠷᠤᠯᠲᠠ ᠶᠢᠨ | ᠬᠡᠮᠵᠢᠶ᠎ᠡ ᠨᠢ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠦᠭᠦᠬᠡᠢ ᠨᠡᠭᠦᠷᠡᠰᠦᠨ ᠤ ᠭᠠᠷᠤᠯᠲᠠ ᠶᠢᠨ 86.7% ᠶᠢ | ᠡᠵᠡᠯᠡᠵᠦ᠂ 2021 ᠣᠨ ᠤ ᠬᠢ ᠠᠴᠠ 1.2 ᠵᠠᠭᠤᠨ ᠤ ᠴᠡᠭ | ᠳᠡᠭᠡᠭᠰᠢᠯᠡᠨ᠂ ᠪᠥᠬᠦ ᠣᠷᠣᠨ ᠤ ᠨᠡᠭᠦᠷᠡᠰᠦᠨ ᠤ ᠭᠠᠷᠤᠯᠲᠠ ᠶᠢ | ᠳᠠᠶᠢᠴᠢᠯᠠᠨ 9.7 ᠵᠠᠭᠤᠨ ᠤ ᠴᠡᠭ ᠨᠡᠮᠡᠭᠳᠡᠭᠦᠯᠪᠡ᠃ | 2022 ᠣᠨ ᠠᠴᠠ ᠨᠠᠭᠠᠰᠢ᠂ ᠮᠠᠨ ᠤ ᠣᠷᠣᠨ ᠨᠡᠭᠦᠷᠡᠰᠦᠨ ᠤ | ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠯᠢᠶᠡᠳ ᠲᠦᠷᠭᠡᠨ | ᠨᠡᠮᠡᠭᠳᠡᠬᠦ ᠶᠢ ᠢᠳᠡᠪᠬᠢᠲᠡᠢ ᠠᠬᠢᠭᠤᠯᠪᠠ᠃ 2022 ᠣᠨ ᠳᠤ᠂ ᠪᠦᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ | ᠨᠡᠭᠦᠷᠡᠰᠦᠨ ᠤ ᠭᠠᠷᠤᠯᠲᠠ ᠨᠢ 11.74 ᠳ᠋ᠦᠩᠰᠢᠭᠤᠷ ᠲᠣᠨ ᠳᠤ | ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.4 | ᠳ᠋ᠦᠩᠰᠢᠭᠤᠷ ᠲᠣᠨ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ | 10.1% ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠤᠨ ᠪᠠᠶᠢᠳᠠᠯ ᠢ ᠪᠠᠲᠤᠯᠠᠪᠠ᠃ ᠲᠦᠭᠦᠬᠡᠢ | ᠨᠡᠭᠦᠷᠡᠰᠦᠨ ᠤ ᠰᠠᠷ᠎ᠠ ᠶᠢᠨ ᠦᠢᠯᠡᠳᠪᠦᠷᠢᠯᠡᠯ ᠠᠴᠠ ᠦᠵᠡᠪᠡᠯ᠂ | 11 ᠳ᠋ᠦ᠋ᠭᠡᠷ ᠰᠠᠷ᠎ᠠ᠂ 12 ᠳ᠋ᠤᠭᠠᠷ ᠰᠠᠷ᠎ᠠ ᠳᠤ ᠪᠦᠬᠦ ᠣᠷᠣᠨ ᠤ | ᠲᠦᠭᠦᠬᠡᠢ ᠨᠡᠭᠦᠷᠡᠰᠦᠨ ᠤ ᠭᠠᠷᠤᠯᠲᠠ ᠨᠢ ᠬᠤᠶᠠᠷ ᠰᠠᠷ᠎ᠠ | ᠳᠠᠷᠠᠭᠠᠯᠠᠨ ᠳ᠋ᠦᠩᠰᠢᠭᠤᠷ ᠲᠣᠨ ᠢ ᠳᠠᠪᠠᠵᠤ᠂ 12 ᠳ᠋ᠤᠭᠠᠷ | ᠰᠠᠷ᠎ᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠢ 10390.1 | ᠲᠦᠮᠡᠨ ᠲᠣᠨ ᠳᠤ ᠬᠦᠷᠴᠡᠢ᠃ | | |