| | | | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ ᠂ 2016 ᠣᠨ ᠠᠴᠠ ᠥᠪᠡᠷᠲᠡᠭᠡᠨ ᠵᠠᠰᠠᠬᠤ | ᠣᠷᠣᠨ ᠪᠥᠬᠦ ᠣᠷᠣᠨ ᠤ ᠬᠡᠪᠴᠢᠶᠡᠨ ᠳᠤ ᠰᠢᠨ᠎ᠡ ᠡᠨᠧᠷᠬᠢ ᠶᠢᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠠᠴᠠ | ᠨᠠᠭᠠᠰᠢ ᠂ 2023 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ | ᠪᠣᠯᠲᠠᠯ᠎ᠠ᠂ ᠪᠥᠬᠦ ᠣᠷᠣᠨ ᠳᠤ ᠰᠢᠨ᠎ᠡ ᠡᠨᠧᠷᠬᠢ ᠶᠢᠨ ᠮᠠᠰᠢᠨ | ᠲᠡᠷᠭᠡ ᠶᠢ ᠨᠡᠶᠢᠲᠡ 57493 ᠰᠠᠭᠤᠷᠢ ᠳᠡᠯᠭᠡᠷᠡᠭᠦᠯᠦᠨ | ᠬᠡᠷᠡᠭᠯᠡᠵᠦ ᠂ ᠨᠡᠶᠢᠲᠡ 17.71 ᠳ᠋ᠦᠩᠰᠢᠭᠤᠷ ᠺᠢᠯᠣᠮᠧᠲᠷ | ᠠᠶᠠᠯᠠᠵᠤ᠂ ᠨᠡᠶᠢᠲᠡ 8.50 ᠳ᠋ᠦᠩᠰᠢᠭᠤᠷ ᠭᠷᠡᠳᠦ᠋ᠰ ᠴᠠᠬᠢᠯᠭᠠᠨ | ᠴᠡᠨᠡᠭᠯᠡᠵᠦ᠂ ᠰᠢᠲᠠᠭᠠᠯᠭ᠎ᠠ ᠶᠢᠨ ᠲᠣᠰᠣ ᠶᠢ 2.21 ᠳ᠋ᠦᠩᠰᠢᠭᠤᠷ | ᠯᠢᠲᠷ ᠣᠷᠣᠯᠠᠵᠤ ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ 110.30 ᠲᠦᠮᠡᠨ ᠲᠣᠨ ᠪᠠᠭᠠᠰᠬᠠᠪᠠ ᠃ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ《 | ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ | ᠰᠠᠨᠠᠯ 》 ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ | ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ | ᠭᠤᠣᠯᠳᠠᠯᠭ᠎ᠠ ᠲᠠᠢ ᠬᠦᠷᠢᠶᠡᠨ ᠳᠤ ᠳᠡᠯᠭᠡᠷᠡᠭᠦᠯᠦᠨ | ᠬᠡᠷᠡᠭᠯᠡᠬᠦ ᠡᠷᠴᠢᠮ ᠢ ᠴᠢᠩᠭᠠᠷᠠᠭᠤᠯᠬᠤ᠂ ᠴᠠᠬᠢᠯᠭᠠᠨ | ᠴᠡᠨᠡᠭᠯᠡᠵᠦ ᠰᠣᠯᠢᠬᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ | ᠡᠨᠧᠷᠬᠢ ᠶᠢᠨ ᠮᠠᠰᠢᠨ ᠲᠡᠷᠭᠡ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ | ᠪᠠᠶᠢᠷᠢᠯᠠᠭᠤᠯᠤᠯᠲᠠ ᠬᠢᠵᠦ᠂ ᠰᠢᠨ᠎ᠡ ᠡᠨᠧᠷᠬᠢ ᠶᠢᠨ ᠮᠠᠰᠢᠨ | ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢ | ᠦᠷᠭᠦᠯᠵᠢᠯᠡᠨ ᠴᠢᠩᠭᠠᠷᠠᠭᠤᠯᠪᠠ᠃ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠮᠠᠨ ᠤ | ᠣᠷᠣᠨ ᠤ ᠰᠢᠨ᠎ᠡ ᠡᠨᠧᠷᠬᠢ ᠶᠢᠨ ᠮᠠᠰᠢᠨ ᠲᠡᠷᠭᠡᠨ ᠤ | ᠳᠡᠯᠭᠡᠷᠡᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ | ᠣᠨᠴᠠᠭᠠᠶᠢᠯᠠᠨ 2022 ᠣᠨ ᠳᠤ ᠨᠡᠶᠢᠲᠡ 29214 ᠰᠠᠭᠤᠷᠢ ᠰᠢᠨ᠎ᠡ | ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠵᠦ ᠂ ᠠᠳᠠᠯᠢ ᠬᠤᠭᠤᠴᠠᠭᠠᠨ ᠤ ᠬᠢ ᠠᠴᠠ 196% ᠪᠠᠷ | ᠨᠡᠮᠡᠭᠳᠡᠪᠡ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ 2023 ᠣᠨ ᠳᠤ᠂ ᠮᠠᠨ ᠤ ᠣᠷᠣᠨ ᠰᠢᠨ᠎ᠡ | ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠᠷᠢᠮᠵᠢᠶ᠎ᠠ | ᠠᠴᠠ ᠳᠣᠷᠣᠭᠰᠢᠬᠢ ᠴᠠᠶᠢᠶ᠋ᠢᠦ ᠲᠣᠰᠣᠨ ᠤ ᠬᠠᠭᠤᠴᠢᠨ ᠮᠠᠰᠢᠨ | ᠲᠡᠷᠭᠡ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ | ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠮᠠᠰᠢᠨ | ᠲᠡᠷᠭᠡ ᠠᠴᠠ ᠰᠢᠨ᠎ᠡ ᠡᠨᠧᠷᠬᠢ ᠶᠢᠨ ᠬᠦᠨᠳᠦ ᠳᠠᠭᠠᠭᠠᠴᠠ ᠶᠢᠨ | ᠮᠠᠰᠢᠨ ᠬᠡᠷᠡᠭᠯᠡᠬᠦ ᠶᠢ ᠬᠥᠲᠥᠯᠥᠨ ᠵᠢᠯᠤᠭᠤᠳᠴᠤ | ᠳᠡᠯᠭᠡᠷᠡᠭᠦᠯᠦᠨ᠎ᠡ᠂ ᠰᠢᠨ᠎ᠡ ᠪᠠᠷ ᠨᠡᠮᠡᠭᠳᠡᠭᠰᠡᠨ ᠪᠠ | ᠰᠢᠨᠡᠳᠬᠡᠭᠰᠡᠨ ᠬᠤᠲᠠ ᠶᠢᠨ ᠨᠡᠶᠢᠲᠡ ᠶᠢᠨ ᠮᠠᠰᠢᠨ | ᠲᠡᠷᠭᠡᠨ ᠳᠠᠬᠢ ᠰᠢᠨ᠎ᠡ ᠡᠨᠧᠷᠬᠢ ᠶᠢᠨ ᠮᠠᠰᠢᠨ ᠲᠡᠷᠭᠡ ᠶᠢᠨ | ᠡᠵᠡᠯᠡᠬᠦ ᠬᠠᠷᠢᠴᠠᠯ ᠢ 85% ᠠᠴᠠ ᠳᠣᠣᠷ᠎ᠠ ᠦᠭᠡᠢ ᠪᠠᠶᠢᠯᠭᠠᠵᠤ | ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ᠂ | ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ 1600 | ᠰᠠᠭᠤᠷᠢ ᠠᠴᠠ ᠳᠣᠣᠷ᠎ᠠ ᠦᠭᠡᠢ ᠪᠠᠶᠢᠯᠭᠠᠬᠤ ᠪᠣᠯᠣᠨ᠎ᠠ ᠃ | | |