ᠭᠤᠶᠢᠳᠠ ᠰᠠᠶᠢᠬᠠᠨ ᠤᠦ ᠶᠢᠨ ᠭᠤᠤᠯ ᠮᠢᠨᠢ
ᠨᠡᠶᠢᠲᠡᠯᠡᠭᠰᠡᠨ ᠴᠠᠭ᠄
2023/3/13

         ︽ᠦᠵᠡᠰᠬᠦᠯᠡᠩᠲᠦ ᠰᠠᠶᠢᠬᠠᠨ ᠬᠤᠶᠢᠲᠤ ᠬᠤᠰᠢᠭᠤᠨ ᠤ ᠮᠤᠨᠢ ᠠᠭᠤᠯᠠ ᠶᠢᠨ ᠡᠮᠦᠨ᠎ᠡ ᠤᠮᠠᠷ᠎ᠠ ᠶᠢᠨ ᠠᠶᠠᠯᠠᠯ︾ ᠤᠨ ᠲᠠᠪᠤᠳᠤᠭᠠᠷ ᠦᠷᠳᠡᠭᠡ ᠳᠤ᠂

ᠪᠢᠳᠡ ᠮᠤᠨᠢ ᠠᠭᠤᠯᠠ ᠶᠢᠨ ᠡᠮᠦᠨ᠎ᠡ ᠬᠤᠷᠮᠣᠢ ᠳᠤ ᠪᠠᠶᠢᠭ᠎ᠠ  ᠤᠦ ᠶᠢᠨ ᠭᠤᠤᠯ  ᠰᠤᠮᠤᠨ ᠳᠤ ᠬᠦᠷᠪᠡ᠃ ᠪᠢᠳᠡ ᠠᠳᠡ ᠠᠴᠠ ︽ᠤᠦ ᠶᠢᠨ ᠭᠤᠤᠯ ᠤᠨ ᠦᠨᠦᠷ

ᠠᠮᠲᠠ︾ ᠶᠢᠨ ᠡᠬᠢ ᠰᠤᠷᠪᠤᠯᠵᠢ ᠶᠢ ᠡᠷᠢᠵᠦ᠂ ︽ᠪᠥᠬᠦ ᠬᠤᠰᠢᠭᠤᠨ ᠤ ᠭᠠᠵᠠᠷ ᠰᠢᠷᠣᠢ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠤᠷᠢᠳᠠᠪᠠᠷ

ᠬᠡᠷᠡᠭᠵᠢᠭᠦᠯᠬᠦ︾ ᠬᠤᠷᠳᠤᠴᠠ ᠶᠢ ᠭᠡᠷᠡᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠢ ᠣᠯᠵᠤ ᠬᠠᠷᠠᠨ᠎ᠠ᠃ ᠠᠳᠡ ᠡᠯ᠎ᠡ ᠵᠦᠢᠯ ᠤᠨ

ᠪᠠᠶᠢᠭᠠᠯᠢ ᠶᠢᠨ ᠡᠬᠢ ᠪᠠᠶᠠᠯᠢᠭ ᠢᠶᠠᠷ ᠡᠯᠪᠡᠭ ᠪᠠᠶᠠᠯᠢᠭ ᠪᠠᠶᠢᠵᠤ᠂ ᠦᠵᠡᠰᠬᠦᠯᠡᠩᠲᠦ ᠰᠠᠶᠢᠬᠠᠨ ᠠᠮᠤ ᠪᠤᠳᠠᠭᠠᠨ ᠤ ᠭᠤᠣᠯ ᠮᠥᠷᠡᠨ ᠨᠢ ᠨᠠᠷᠢᠬᠠᠨ ᠥᠩ ᠰᠢᠮᠡᠯᠢᠭ

ᠪᠠᠶᠢᠵᠤ᠂ ᠲᠦᠮᠡᠨ ᠮᠦ ᠪᠡᠯᠴᠢᠭᠡᠷ ᠤᠨ ᠡᠪᠡᠰᠦ ᠨᠣᠭᠤᠭ᠎ᠠ ᠬᠥᠬᠡᠷᠡᠨ ᠨᠣᠭᠤᠭᠠᠷᠠᠨ᠎ᠠ᠃

微信图片_20230313102037.jpg

          

         56 ᠮᠣᠩᠭᠤᠯ ᠭᠡᠷ ᠨᠢ ︽  ᠤᠦ ᠶᠢᠨ ᠭᠤᠤᠯ ᠤᠨ ᠦᠨᠦᠷ ᠠᠮᠲᠠ︾ ᠶᠢᠨ ᠣᠨᠴᠠᠯᠢᠭᠲᠤ ᠵᠢᠭᠤᠯᠴᠢᠯᠠᠯ ᠤᠨ ᠢᠳᠡᠭᠡᠨ ᠤᠮᠳᠠᠭᠠᠨ ᠤ ᠠᠵᠤ ᠦᠢᠯᠡᠰ ᠢ

ᠬᠥᠭᠵᠢᠭᠦᠯᠵᠦ᠂ ︽  ᠤᠦ ᠶᠢᠨ ᠭᠤᠤᠯ ᠤᠨ ᠦᠨᠦᠷ ᠠᠮᠲᠠ︾ ᠶᠢᠨ ᠵᠢᠩᠬᠢᠨᠢ ᠮᠣᠩᠭᠤᠯ ᠬᠤᠭᠤᠯᠠᠨ ᠤ ᠨᠠᠷᠠᠲᠤ ᠲᠥᠷᠥᠯ ᠲᠡᠮᠳᠡᠭᠲᠦ ᠶᠢ ᠳᠡᠯᠡᠬᠡᠢ ᠳ᠋ᠠᠬᠢᠨ ᠳᠤ

ᠨᠡᠶᠢᠳᠡᠮ ᠬᠡᠷᠡᠭᠯᠡᠬᠦ ᠶᠢ ᠦᠨᠡᠨᠬᠦ ᠠᠬᠢᠭᠤᠯᠤᠨ᠎ᠠ᠃

         ᠤᠦ ᠶᠢᠨ ᠭᠤᠤᠯ ᠤᠨ ᠤᠷᠠᠳ ᠤᠨ ᠬᠤᠶᠢᠲᠤ ᠬᠤᠰᠢᠭᠤᠨ ᠳᠤ ᠡᠩ ᠲᠡᠷᠢᠭᠦᠨ ᠳᠤ ᠬᠡᠷᠡᠭᠵᠢᠭᠦᠯᠦᠭᠰᠡᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ

ᠦᠢᠯᠡᠴᠢᠯᠡᠭᠡ ᠳᠤ ᠲᠦᠰᠢᠭᠯᠡᠵᠦ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠣᠳᠣᠬᠢᠴᠢᠯᠠᠯᠲᠠ ᠶᠢᠨ ᠰᠢᠨ᠎ᠡ ᠠᠶᠠᠨ ᠢᠶᠠᠨ ᠡᠬᠢᠯᠡᠭᠦᠯᠵᠡᠢ᠃

微信图片_20230313102054.jpg

        

      ᠤᠦ ᠶᠢᠨ ᠭᠤᠤᠯ ᠰᠤᠮᠤ ᠶᠢᠨ ᠪᠠᠶᠠᠨᠲᠠᠯ᠎ᠠ ᠭᠠᠴᠠᠭ᠎ᠠ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠭᠠᠴᠠᠭ᠎ᠠ ᠶᠢᠨ ᠬᠥᠭᠵᠢᠯᠲᠡ ᠶᠢᠨ ᠶᠡᠭᠡ ᠬᠤᠪᠢᠷᠠᠯᠲᠠ ᠶᠢ ᠪᠡᠶᠡᠯᠡᠭᠦᠯᠵᠦ᠂

ᠣᠨᠴᠠᠯᠢᠭᠲᠤ ᠠᠵᠤ ᠦᠢᠯᠡᠰ ᠢ ᠶᠡᠭᠡ ᠪᠠᠷ ᠳᠡᠭᠡᠭᠰᠢᠯᠡᠭᠦᠯᠦᠨ᠂ ᠪᠢᠴᠢᠯ ᠰᠦᠯᠵᠢᠶᠡᠨ ᠤ ᠵᠠᠰᠠᠯᠲᠠ ᠶᠢ ᠦᠷ᠎ᠡ ᠪᠦᠲᠦᠮᠵᠢ ᠲᠠᠢ ᠪᠣᠯᠭᠠᠵᠤ᠂ ᠲᠣᠰᠬᠤᠨ ᠤ ᠠᠷᠠᠳ ᠤᠨ

ᠵᠣᠯ ᠵᠢᠷᠭᠠᠯᠲᠤ ᠠᠮᠢᠳᠤᠷᠠᠯ ᠢ ᠨᠠᠩ ᠰᠠᠶᠢᠨ ᠪᠣᠯᠭᠠᠨ᠎ᠠ᠃

      ᠵᠢᠵᠢᠭ ᠡᠷᠳᠡᠨᠢ ᠰᠢᠰᠢ᠂ ᠲᠣᠮᠣ ᠠᠵᠤ ᠦᠢᠯᠡᠰ᠂  ᠤᠦ ᠶᠢᠨ ᠭᠤᠤᠯ ᠰᠤᠮᠤ ᠶᠢᠨ ᠬᠢᠯᠢ ᠳᠣᠲᠣᠷᠠᠬᠢ ᠥᠪᠥᠷ ᠮᠣᠩᠭᠤᠯ ᠤᠨ ᠴᠢ ᠢ ᠶᠢᠨ ᠲᠠᠷᠢᠵᠦ ᠲᠡᠵᠢᠭᠡᠨ

ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠴᠧᠨ ᠰᠢᠶᠣᠣ ᠭᠠᠩ ᠰᠢᠬᠢᠷᠯᠢᠭ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ ᠪᠠᠷ

ᠳᠠᠮᠵᠢᠨ᠂ ᠠᠮᠲᠠᠲᠤ ᠵᠥᠭᠡᠯᠡᠨ ᠡᠷᠳᠡᠨᠢ ᠰᠢᠰᠢ ᠶᠢ ︽ᠠᠯᠳᠠᠨ ᠰᠢᠳᠠᠮ︾ ᠪᠣᠯᠭᠠᠵᠤ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ

ᠲᠠᠶᠢᠴᠢᠯᠠᠵᠠᠢ᠃

      ᠤᠦ ᠶᠢᠨ ᠭᠤᠤᠯ  ᠰᠤᠮᠤ ᠶᠢᠨ ᠺᠠᠳ᠋ᠷ ᠤᠯᠠᠨ ᠲᠦᠮᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ︽ᠪᠠᠭ᠎ᠠ ᠮᠥᠷᠲᠡᠭᠡᠨ ᠣᠨᠴᠠᠭᠠᠢ᠂ ᠪᠠᠭ᠎ᠠ ᠮᠥᠷᠲᠡᠭᠡᠨ ᠰᠢᠯᠢᠳᠡᠭ᠂ ᠪᠠᠭ᠎ᠠ ᠮᠥᠷᠲᠡᠭᠡᠨ ᠴᠢᠨᠠᠷᠲᠠᠢ︾ ᠠᠵᠤ ᠠᠬᠤᠢ ᠶᠢᠨ ᠴᠢᠨᠠᠷ ᠰᠠᠶᠢᠲᠠᠢ

ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠵᠤ᠂ ︽ᠰᠢᠨ᠎ᠡ ᠬᠤᠶᠢᠲᠤ ᠬᠤᠰᠢᠭᠤ ᠶᠢ ᠲᠠᠬᠢᠨ ᠪᠠᠶᠢᠭᠤᠯᠬᠤ︾︾ ᠳᠤ ᠬᠦᠴᠦᠨ ᠴᠢᠳᠠᠯ ᠢᠶᠠᠨ ᠡᠷᠭᠦᠨ᠎ᠡ

ᠢᠷᠡᠯᠲᠡ᠄ ᠲᠤᠰ ᠰᠦᠯᠵᠢᠶ᠎ᠠ