ᠪᠦᠬᠦ ᠣᠷᠣᠨ ᠤ ᠭᠠᠵᠠᠷ ᠰᠢᠷᠣᠢ ᠲᠡᠭᠰᠢᠯᠡᠬᠦ ᠬᠠᠮᠲᠤᠷᠠᠭᠰᠠᠨ ᠠᠵᠢᠯᠯᠠᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ  ᠳᠠᠶᠢᠴᠢᠨ ᠬᠤᠷᠠᠯ ᠳᠤ ᠣᠷᠣᠯᠴᠠᠵᠠᠢ
  
2023/3/14

   

       3 ᠳ᠋ᠤᠭᠠᠷ ᠰᠠᠷ᠎ᠠ ᠶᠢᠨ 7᠎ ᠤ ᠡᠳᠦᠷ᠂ ᠪᠥᠬᠦ ᠣᠷᠣᠨ ᠤ ᠭᠠᠵᠠᠷ

ᠰᠢᠷᠣᠶ ᠲᠡᠭᠰᠢᠯᠡᠬᠦ ᠬᠠᠮᠲᠤᠷᠠᠭᠰᠠᠨ ᠠᠵᠢᠯᠯᠠᠭᠠᠨ ᠵᠢᠴᠢ

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠶᠢᠨ ᠠᠵᠢᠯ ᠢ ᠠᠬᠢᠭᠤᠯᠬᠤ ᠠᠬᠤᠢ

ᠲᠠᠯᠠᠪᠠᠢ ᠶᠢᠨ ᠬᠤᠷᠠᠯ ᠢ ᠪᠠᠶᠠᠨᠨᠠᠭᠤᠷ ᠬᠤᠲᠠ ᠶᠢᠨ

ᠤᠷᠠᠳ ᠤᠨ ᠡᠮᠦᠨᠡᠲᠦ ᠬᠤᠰᠢᠭᠤᠨ ᠳᠤ ᠬᠤᠷᠠᠯᠳᠤᠭᠤᠯᠵᠤ᠂

ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ

ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ

ᠲᠠᠯᠪᠢᠪᠠ᠃

     ᠬᠤᠷᠠᠯ ᠠᠴᠠ᠂ 《 ᠬᠥᠳᠡᠯᠦᠯᠴᠡᠬᠦ᠂ ᠠᠬᠢᠭᠤᠯᠬᠤ᠂

ᠲᠦᠷᠭᠡᠳᠬᠡᠬᠦ 》 ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ

ᠬᠤᠭᠤᠴᠠᠭ᠎ᠠ ᠶᠢ ᠠᠳᠬᠤᠬᠤ᠂ ᠠᠬᠢᠴᠠ ᠶᠢ ᠲᠦᠷᠭᠡᠳᠬᠡᠬᠦ ᠪᠠ

ᠴᠢᠨᠠᠷ ᠢ ᠪᠠᠲᠤᠯᠠᠵᠤ᠂ ᠭᠠᠵᠠᠷ ᠰᠢᠷᠣᠢ ᠲᠡᠭᠰᠢᠯᠡᠬᠦ

ᠬᠠᠮᠲᠤᠷᠠᠭᠰᠠᠨ ᠠᠵᠢᠯᠯᠠᠭᠠᠨ ᠢ ᠡᠬᠢᠯᠡᠭᠦᠯᠬᠦ ᠪᠠᠷ

ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ

ᠪᠦᠳᠦᠭᠡᠨ ᠪᠠᠶᠢᠭᠤᠯᠤᠯᠲᠠ ᠶᠢ ᠪᠣᠳᠠᠲᠠᠢ ᠪᠥᠭᠡᠳ ᠴᠢᠩᠭ᠎ᠠ

ᠠᠳᠬᠤᠵᠤ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ

ᠨᠡᠶᠢᠳᠡᠮ ᠪᠠᠶᠢᠴᠠᠭᠠᠯᠲᠠ ᠶᠢᠨ ᠠᠵᠢᠯ ᠢ ᠵᠡᠷᠭᠡ ᠳᠤ ᠨᠢ

ᠰᠠᠶᠢᠲᠤᠷ ᠬᠢᠵᠦ᠂ ᠲᠠᠷᠢᠶᠠᠨ ᠭᠠᠵᠠᠷ ᠤᠨ ᠪᠦᠳᠦᠭᠡᠨ

ᠪᠠᠶᠢᠭᠤᠯᠤᠯᠲᠠ ᠶᠢᠨ《ᠤᠷᠤᠭᠰᠢᠲᠠᠢ ᠡᠬᠢᠯᠡᠯᠲᠡ 》ᠶᠢ

ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ

ᠱᠠᠭᠠᠷᠳᠠᠭᠰᠠᠨ ᠪᠠᠶᠢᠨ᠎ᠠ᠃

     ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ

ᠪᠥᠬᠦᠶ ᠲᠣᠪᠴᠢᠶ᠎ᠠ ᠬᠢᠭᠡᠳ ᠭᠤᠷᠪᠠᠳᠤᠭᠠᠷ ᠤᠳᠠᠭᠠᠨ ᠤ ᠪᠥᠬᠦ

ᠤᠯᠤᠰ ᠤᠨ ᠬᠥᠷᠥᠰᠥ ᠰᠢᠷᠣᠶ ᠶᠢᠨ ᠨᠡᠶᠢᠳᠡᠮ

ᠪᠠᠶᠢᠴᠠᠭᠠᠯᠲᠠ ᠶᠢᠨ ᠬᠠᠮᠢᠶ᠎ᠠ ᠪᠥᠬᠦᠶ ᠲᠤᠰᠬᠠᠶ

ᠮᠡᠷᠭᠡᠵᠢᠯᠲᠡᠳ ᠤᠷᠢᠯᠭ᠎ᠠ ᠪᠠᠷ ᠬᠤᠷᠠᠯ ᠳᠤ ᠣᠷᠣᠯᠴᠠᠵᠤ᠂

ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ

ᠲᠣᠪᠴᠢᠶ᠎ᠠ ᠪᠠ ᠠᠶᠢᠮᠠᠭ ᠬᠤᠲᠠ ᠶᠢᠨ ᠬᠠᠷᠢᠭᠤᠴᠠᠯᠭᠠᠲᠠᠳ

ᠬᠤᠷᠠᠯ ᠳᠤ ᠣᠷᠣᠯᠴᠠᠵᠠᠶ᠃        

 

 

          