3 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ ᠂ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨᠶᠡᠭᠡ ᠬᠤᠷᠠᠯ ᠤᠨ ᠠᠩᠬᠠᠳᠤᠭᠠᠷ | ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ | ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ | ᠬᠢᠵᠦ ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢ ᠬᠢᠨᠠᠨ ᠵᠥᠪᠯᠡᠪᠡ ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ | ᠬᠤᠷᠠᠯ ᠳᠤ ᠣᠷᠣᠯᠴᠠᠭᠰᠠᠨ ᠪᠥᠭᠡᠳ ᠦᠭᠡ ᠬᠡᠯᠡᠵᠦ ᠂ ᠪᠦᠯᠬᠦᠮ ᠤᠨ | ᠳᠡᠳ᠋ ᠳᠠᠷᠤᠭ᠎ᠠ ᠸᠠᠩ ᠯᠢ ᠰᠢᠶᠠ ᠦᠭᠡ ᠬᠡᠯᠡᠵᠦ ᠂ ᠪᠦᠯᠬᠦᠮ ᠤᠨ | ᠳᠡᠳ᠋ ᠳᠠᠷᠤᠭ᠎ᠠ ᠯᠢᠦ ᠱᠤᠸᠠᠩ ᠂ ᠵᠧᠩ ᠬᠤᠩ ᠹᠠᠨ ᠬᠤᠷᠠᠯ ᠢ | ᠡᠷᠬᠢᠯᠡᠭᠰᠡᠨ ᠪᠥᠭᠡᠳ ᠦᠭᠡ ᠬᠡᠯᠡᠪᠡ ᠃ ᠶᠡᠭᠡ ᠬᠤᠷᠠᠯ ᠤᠨ | ᠬᠠᠤᠯᠢ ᠶᠢᠨ ᠲᠥᠰᠥᠯ ᠤᠨ ᠳᠤᠭᠤᠶᠢᠯᠠᠩ ᠂ ᠲᠣᠪᠴᠢ ᠮᠡᠳᠡᠭᠡ ᠶᠢᠨ | ᠳᠤᠭᠤᠶᠢᠯᠠᠩ ᠂ ᠪᠢᠴᠢᠭ ᠮᠠᠲ᠋ᠧᠷᠢᠶᠠᠯ ᠲᠤᠭᠤᠷᠪᠢᠬᠤ | ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ | ᠣᠷᠣᠯᠴᠠᠨ ᠰᠠᠨᠠᠯ ᠰᠣᠨᠣᠰᠴᠠᠢ ᠃ | ᠰᠦᠨ ᠱᠤᠤ ᠴᠧᠩ ᠲᠥᠯᠥᠭᠡᠯᠡᠭᠴᠢ ᠂ ᠬᠤᠷᠢᠶᠠᠨ ᠳᠠᠷᠤᠭ᠎ᠠ ᠯᠢ | ᠵᠠᠨ ᠱᠤ᠋ ᠶᠢᠨ ᠬᠢᠭᠰᠡᠨ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠪᠥᠬᠦ | ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ | ᠨᠠᠮ ᠤᠨ ᠤᠳᠤᠷᠢᠳᠤᠯᠭ᠎ᠠ ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ | ᠨᠢᠭᠡᠳᠦᠯ ᠢ ᠭᠦᠢᠴᠡᠳ ᠢᠯᠡᠷᠡᠭᠦᠯᠵᠦ ᠂ ᠠᠭᠤᠤ ᠶᠡᠭᠡ ᠲᠤᠭ ᠢ | ᠥᠨᠳᠥᠷ ᠮᠠᠨᠳᠤᠭᠤᠯᠤᠭᠰᠠᠨ ᠂ ᠪᠠᠶᠢᠭᠤᠯᠤᠯ ᠤᠨ ᠳᠠᠪᠠᠭᠤᠯᠢᠭ ᠢ | ᠢᠯᠡᠷᠡᠭᠦᠯᠦᠭᠰᠡᠨ ᠂ ᠬᠠᠤᠯᠢᠵᠢᠯ ᠤᠨ ᠵᠣᠷᠢᠭ ᠰᠠᠨᠠᠭ᠎ᠠ ᠶᠢ | ᠪᠠᠳᠠᠷᠠᠭᠤᠯᠤᠭᠰᠠᠨ ᠂ ᠠᠷᠠᠳ ᠤᠨ ᠲᠥᠯᠥᠭᠡ ᠭᠡᠬᠦ ᠬᠠᠶᠢᠷ᠎ᠠ | ᠰᠡᠳᠬᠢᠯᠭᠡ ᠶᠢ ᠪᠢᠯᠬᠠᠮ᠎ᠠ ᠠᠭᠤᠯᠤᠭᠰᠠᠨ ᠰᠠᠶᠢᠨ | ᠮᠡᠳᠡᠭᠦᠯᠦᠯᠲᠡ ᠪᠣᠯᠵᠠᠢ ᠂ ᠪᠢ ᠪᠦᠷᠢᠮᠦᠰᠦᠨ ᠵᠥᠪᠰᠢᠶᠡᠷᠡᠵᠦ | ᠪᠠᠶᠢᠨ᠎ᠠ ᠃ ᠥᠩᠭᠡᠷᠡᠭᠰᠡᠨ 5 ᠵᠢᠯ ᠳᠤ ᠂ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ | ᠲᠣᠭᠤᠷᠢᠨ ᠳᠤ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ ᠂ ᠬᠠᠤᠯᠢ ᠲᠣᠭᠲᠠᠭᠠᠬᠤ ᠂ | ᠬᠢᠨᠠᠯᠲᠠ ᠲᠠᠯᠪᠢᠬᠤ ᠂ ᠲᠥᠯᠥᠭᠡᠯᠡᠭᠴᠢ ᠂ ᠭᠠᠳᠠᠭᠠᠳᠤ ᠶᠠᠪᠤᠳᠠᠯ | ᠵᠡᠷᠭᠡ ᠲᠠᠯ᠎ᠠ ᠪᠠᠷ ᠶᠡᠭᠡ ᠬᠡᠮᠵᠢᠶᠡᠨ ᠤ ᠭᠠᠷᠮᠠᠭᠠᠢ | ᠪᠦᠲᠦᠮᠵᠢᠲᠡᠢ ᠠᠵᠢᠯ ᠬᠢᠵᠦ ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ | ᠨᠡᠮᠡᠷᠢ ᠦᠵᠡᠭᠦᠯᠪᠡ ᠃ ᠮᠡᠳᠡᠭᠦᠯᠦᠯᠲᠡ ᠳᠤ | ᠬᠤᠷᠢᠶᠠᠩᠭᠤᠶᠢᠯᠠᠨ ᠪᠣᠯᠪᠠᠰᠤᠷᠠᠭᠤᠯᠤᠭᠰᠠᠨ 《 ᠵᠢᠷᠭᠤᠭᠠᠨ | ᠡᠷᠬᠡᠪᠰᠢ 》ᠨᠢ ᠮᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠤᠨ ᠰᠢᠨᠵᠢᠯᠡᠬᠦ ᠤᠬᠠᠭᠠᠨᠴᠢ | ᠠᠭᠤᠯᠤᠭᠳᠠᠬᠤᠨ ᠂ ᠦᠨᠳᠦᠰᠦᠨ ᠣᠨᠴᠠᠯᠢᠭ ᠪᠠ ᠮᠥᠨ ᠴᠢᠨᠠᠷ ᠤᠨ | ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ | ᠭᠦᠨᠵᠡᠭᠡᠶᠢᠷᠡᠭᠦᠯᠪᠡ ᠃ ᠪᠢᠳᠡ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠨᠠᠮ ᠤᠨ ᠬᠤᠷᠢᠳᠤᠭᠠᠷ ᠶᠡᠭᠡ | ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠮᠡᠳᠡᠭᠦᠯᠦᠯᠲᠡ ᠶᠢᠨ ᠡᠨᠡ ᠵᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ | ᠳᠤᠷᠠᠳᠤᠭᠰᠠᠨ ᠰᠠᠨᠠᠭᠤᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠂ ᠣᠷᠣᠨ ᠨᠤᠲᠤᠭ ᠤᠨ ᠬᠠᠤᠯᠢ | ᠲᠣᠭᠲᠠᠭᠠᠯᠲᠠ ᠶᠢ ᠭᠦᠨᠵᠡᠭᠡᠢ ᠠᠬᠢᠭᠤᠯᠵᠤ ᠂ ᠬᠢᠨᠠᠯᠲᠠ | ᠲᠠᠯᠪᠢᠬᠤ ᠬᠦᠴᠦᠨ ᠢ ᠨᠡᠶᠢᠳᠬᠡᠵᠦ ᠂ ᠬᠢᠨᠠᠯᠲᠠ ᠲᠠᠯᠪᠢᠬᠤ ᠶᠠᠰᠤ | ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠂ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ | ᠳᠤᠮᠳᠠ ᠦᠨᠳᠦᠰᠦᠨ ᠱᠠᠲᠤᠨ ᠤ ᠠᠷᠠᠳᠴᠢᠯᠠᠯ ᠢ | ᠬᠥᠭᠵᠢᠭᠦᠯᠬᠦ ᠶᠢ ᠨᠡᠩ ᠴᠢᠬᠤᠯᠠᠴᠢᠯᠠᠵᠤ ᠂ ᠥᠪᠥᠷ ᠮᠣᠩᠭᠤᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ ᠃ | ᠸᠠᠩ ᠯᠢ ᠰᠢᠶᠠ ᠲᠥᠯᠥᠭᠡᠯᠡᠭᠴᠢ ᠂ ᠬᠤᠷᠢᠶᠠᠨ ᠳᠠᠷᠤᠭ᠎ᠠ ᠯᠢ | ᠵᠠᠨ ᠱᠤ᠋ ᠶᠢᠨ ᠬᠢᠭᠰᠡᠨ ᠠᠵᠢᠯ ᠤᠨ ᠮᠡᠳᠡᠭᠦᠯᠦᠯᠲᠡ ᠶᠢ | ᠪᠦᠷᠢᠮᠦᠰᠦᠨ ᠵᠥᠪᠰᠢᠶᠡᠷᠡᠵᠦ ᠪᠠᠶᠢᠨ᠎ᠠ ᠃ ᠶᠡᠷᠦᠩᠬᠡᠢ ᠱᠦᠵᠢ | ᠰᠢ ᠶᠢᠨ ᠫᠢᠩ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠴᠢᠬᠤᠯᠠ ᠶᠡᠭᠡ ᠣᠶᠢᠯᠠᠭᠠᠭᠳᠠᠬᠤᠨ ᠢ ᠲᠣᠳᠣᠷᠬᠠᠢ ᠳᠤᠷᠠᠳᠤᠨ | ᠭᠠᠷᠭᠠᠵᠤ ᠂ ᠨᠠᠮ ᠤᠨ ᠲᠥᠪ ᠬᠤᠷᠢᠶ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠢ | ᠬᠤᠷᠠᠯᠳᠤᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠤᠨ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠪᠠ ᠯᠤᠲᠤ ᠶᠡᠭᠡ ᠳᠠᠪᠠᠭᠤᠯᠢᠭ | ᠴᠢᠨᠠᠷ ᠢᠶᠠᠨ ᠢᠯᠡᠷᠡᠭᠦᠯᠬᠦ ᠶᠢ ᠠᠬᠢᠭᠤᠯᠪᠠ᠃ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ | ᠰᠠᠨᠠᠭ᠎ᠠ ᠶᠢ ᠪᠦᠷᠢᠯᠳᠦᠭᠦᠯᠵᠦ ᠂ ᠮᠠᠷᠺᠰ ᠤᠨ ᠦᠵᠡᠯ ᠤᠨ | ᠠᠷᠠᠳᠴᠢᠯᠠᠭᠰᠠᠨ ᠤᠯᠤᠰ ᠲᠦᠷᠦ ᠶᠢᠨ ᠤᠨᠤᠯ ᠳᠤ ᠤᠤᠭᠠᠯ | ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠢ ᠨᠡᠩ ᠪᠣᠯᠪᠠᠰᠤᠷᠠᠩᠭᠤᠢ ᠲᠣᠭᠲᠠᠭᠤᠨ ᠪᠣᠯᠭᠠᠵᠤ | ᠂ ᠨᠡᠩ ᠪᠠᠬᠢᠵᠢᠭᠦᠯᠦᠨ ᠲᠡᠭᠦᠯᠳᠡᠷᠵᠢᠭᠦᠯᠪᠠ ᠃ ᠥᠩᠭᠡᠷᠡᠭᠰᠡᠨ 5 | ᠵᠢᠯ ᠳᠤ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠬᠠᠮᠤᠭ ᠤᠨ ᠳᠡᠭᠡᠳᠦ ᠤᠯᠤᠰ | ᠲᠦᠷᠦ ᠶᠢᠨ ᠵᠠᠷᠴᠢᠮ ᠪᠣᠯᠭᠠᠬᠤ ᠶᠢ ᠪᠠᠷᠢᠮᠲᠠᠯᠠᠨ ᠂ ᠨᠠᠮ | ᠪᠣᠯᠣᠨ ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠲᠠᠢ | ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠂ 《 ᠲᠦᠷᠪᠡᠨ ᠪᠠᠶᠢᠭᠤᠯᠭ᠎ᠠ 》 ᠶᠢᠨ | ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠵᠢᠱᠢᠶ᠎ᠡ ᠪᠠ | ᠦᠯᠢᠭᠡᠷ ᠳᠠᠭᠤᠷᠢᠶᠠᠯ ᠦᠵᠡᠭᠦᠯᠪᠡ ᠃ ᠵᠠᠰᠠᠭ ᠤᠨ ᠣᠷᠳᠣᠨ ᠤ | ᠠᠵᠢᠯ ᠤᠨ ᠲᠠᠯ᠎ᠠ ᠠᠴᠠ ᠠᠪᠴᠤ ᠬᠡᠯᠡᠪᠡᠯ ᠂ ᠵᠠᠪᠠᠯ ᠲᠣᠭᠲᠠᠮᠠᠯ | ᠬᠤᠭᠤᠴᠠᠭ᠎ᠠ ᠲᠠᠢ ᠪᠠᠷ ᠠᠵᠢᠯ ᠢᠶᠠᠨ ᠮᠡᠳᠡᠭᠦᠯᠬᠦ ᠵᠡᠷᠭᠡ | ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ | ᠲᠥᠯᠥᠭᠡᠯᠡᠭᠴᠢᠳ ᠤᠨ ᠦᠨᠡᠯᠡᠯᠲᠡ ᠶᠢ ᠬᠦᠯᠢᠶᠡᠬᠦ ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠬᠦ ᠂ | ᠪᠠᠶᠢᠴᠠᠭᠠᠨ ᠦᠵᠡᠵᠦ ᠪᠠᠶᠢᠴᠠᠭᠠᠬᠤ ᠳᠤ ᠬᠠᠮᠵᠢᠯᠴᠠᠬᠤ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ | ᠬᠢᠨᠠᠯᠲᠠ ᠶᠢᠨ ᠳᠣᠣᠷ᠎ᠠ ᠠᠵᠢᠯ ᠢᠶᠠᠨ ᠥᠷᠨᠢᠭᠦᠯᠬᠦ ᠂ | ᠬᠢᠨᠠᠯᠲᠠ ᠶᠢᠨ ᠳᠤᠮᠳᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠠᠳᠬᠠᠯ ᠲᠠᠢ ᠪᠣᠯᠵᠤ ᠂ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ | ᠴᠢᠷᠮᠠᠶᠢᠨ ᠰᠠᠶᠢᠲᠤᠷ ᠪᠡᠶᠡᠯᠡᠭᠦᠯᠵᠦ ᠂ 《 ᠵᠢᠱᠢᠶᠡᠴᠢ | ᠥᠪᠡᠷᠲᠡᠭᠡᠨ ᠵᠠᠰᠠᠬᠤ ᠣᠷᠣᠨ 》 ᠢ ᠪᠦᠬᠦ ᠲᠠᠯ᠎ᠠ ᠪᠠᠷ | ᠰᠠᠶᠢᠲᠤᠷ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ ᠃ | ᠪᠦ᠋ ᠰᠢᠶᠣᠣ ᠯᠢᠨ ᠲᠥᠯᠥᠭᠡᠯᠡᠭᠴᠢ ᠂ ᠬᠤᠷᠢᠶᠠᠨ ᠳᠠᠷᠤᠭ᠎ᠠ ᠯᠢ | ᠵᠠᠨ ᠱᠤ᠋ ᠶᠢᠨ ᠬᠢᠭᠰᠡᠨ ᠠᠵᠢᠯ ᠤᠨ ᠮᠡᠳᠡᠭᠦᠯᠦᠯᠲᠡ ᠨᠢ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ | ᠰᠠᠨᠠᠭ᠎ᠠ ᠶᠢ ᠭᠦᠢᠴᠡᠳ ᠲᠤᠭᠤᠰᠢᠯᠠᠭᠤᠯᠵᠤ᠂ ᠪᠢᠳᠡᠨ ᠤ | ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ | ᠪᠠᠶᠢᠭᠤᠯᠤᠯᠲᠠ ᠶᠢ ᠠᠬᠢᠭᠤᠯᠬᠤ ᠢᠳᠡᠷᠡᠭᠦᠨ ᠠᠯᠬᠤᠭ᠎ᠠ ᠶᠢ | ᠭᠦᠢᠴᠡᠳ ᠢᠯᠡᠷᠡᠭᠦᠯᠪᠡ ᠃ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ | ᠳᠣᠣᠷ᠎ᠠ ᠂ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠡᠦᠬᠡᠲᠦ | ᠴᠢᠨᠠᠷᠲᠠᠢ ᠠᠮᠵᠢᠯᠲᠠ ᠣᠯᠪᠠ ᠃ ᠦᠨᠳᠦᠰᠦᠨ ᠬᠠᠤᠯᠢ ᠶᠢᠨ | ᠳᠦᠷᠢᠮ ᠤᠨ ᠪᠠᠶᠢᠭᠤᠯᠤᠯᠲᠠ ᠪᠠ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠠᠴᠠ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ | ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠣᠯᠣᠭᠰᠠᠨ | ᠠᠮᠵᠢᠯᠲᠠ ᠪᠦᠲᠦᠮᠵᠢ ᠪᠣᠯ ᠴᠥᠮ ᠲᠡᠦᠬᠡᠲᠦ ᠴᠢᠨᠠᠷᠲᠠᠢ ᠶᠤᠮ ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠢᠮᠠᠭᠲᠠ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ | ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠡᠷᠡᠭᠴᠡᠭᠡ ᠱᠠᠭᠠᠷᠳᠠᠯᠭ᠎ᠠ ᠵᠢᠴᠢ ᠤᠯᠤᠰ ᠤᠨ ᠵᠠᠰᠠᠯᠲᠠ ᠶᠢᠨ | ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠡᠯ᠎ᠡ | ᠲᠠᠯ᠎ᠠ ᠶᠢᠨ ᠠᠮᠵᠢᠯᠲᠠ ᠪᠦᠲᠦᠮᠵᠢ ᠨᠢ ᠬᠥᠮᠥᠰ ᠢ | ᠵᠣᠷᠢᠭᠵᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠤᠨ ᠯᠤᠲᠤ ᠶᠡᠭᠡ ᠳᠠᠪᠠᠭᠤᠯᠢᠭ ᠢ | ᠢᠯᠡᠷᠡᠭᠦᠯᠪᠠ ᠃ ᠪᠢ ᠮᠡᠳᠡᠭᠦᠯᠦᠯᠲᠡ ᠶᠢ ᠪᠦᠷᠢᠮᠦᠰᠦᠨ | ᠵᠥᠪᠰᠢᠶᠡᠷᠡᠵᠦ ᠪᠠᠶᠢᠨ᠎ᠠ ᠭᠡᠪᠡ ᠃ | ᠲᠠᠩ ᠴᠤᠤ᠂ ᠯᠢ ᠪᠢᠨ ᠂ ᠯᠢᠨ ᠱᠤᠤ ᠴᠦᠨ ᠂ ᠵᠠᠩ ᠱᠤᠤ ᠴᠦᠨ ᠂ | ᠶᠠᠩ ᠶᠢᠨ ᠂ ᠶᠠᠩ ᠽᠥᠩ ᠷᠧᠨ ᠂ ᠯᠢ ᠶᠦᠩ ᠵᠢᠶᠦ᠋ᠨ ᠂ ᠵᠠᠩ ᠷᠦᠢ ᠂ | ᠶᠠᠨ ᠬᠤᠩ ᠭᠤᠸᠠᠩ ᠂ ᠴᠢ ᠢᠦᠢ ᠴᠢᠨ ᠂ ᠭᠦᠸᠧ ᠢᠦᠢ ᠹᠧᠩ ᠂ ᠰᠢᠦᠢ | ᠵᠢᠶᠠᠨ ᠰᠢᠩ ᠂ ᠸᠠᠩ ᡁᠢ ᠫᠢᠩ ᠂ ᠭᠦᠸᠧ ᠳ᠋ᠡ ᠶᠦᠩ ᠂ ᠴᠢ ᠹᠧᠢ ᠶᠦᠨ ᠂ | ᠸᠠᠩ ᠵᠤᠤ ᠮᠢᠩ ᠂ ᠱᠢ ᠢᠦᠢ ᠳ᠋ᠦᠩ ᠂ ᠰᠢᠩ ᠵᠢᠶᠧ ᠬᠤᠩ ᠂ ᠵᠤᠤ ᠬᠤᠢ | ᠵᠢᠶᠧ᠂ ᠵᠢᠢ ᠶᠦᠩ ᠴᠢᠶᠠᠨ ᠂ ᠴᠧᠨ ᠠᠢ ᠰᠢᠤᠸᠠᠢ ᠂ ᠳ᠋ᠦ᠋ ᠬᠤᠢ | ᠯᠢᠶᠠᠩ ᠂ ᠵᠢᠦᠢ ᠱᠤ᠋ ᠸᠧᠨ ᠂ ᠸᠠᠩ ᠵᠧᠨ ᠂ ᠰᠦᠬᠡ᠂ ᠸᠠᠩ ᠸᠠᠩ ᠱᠧᠩ ᠂ | ᠰᠦᠨ ᠶᠢᠩ ᠂ ᠸᠠᠩ ᠼᠠᠢ ᠶᠦᠨ ᠂ ᠾᠧ ᠬᠠᠢ ᠳ᠋ᠦᠩ ᠂ ᠵᠤᠸᠠᠩ ᠾᠧ ᠂ ᠦ᠋ | ᠶᠢᠩ ᠂ ᠯᠢᠦ ᠶᠠᠨ ᠪᠢᠩ ᠵᠡᠷᠭᠡ ᠲᠥᠯᠥᠭᠡᠯᠡᠭᠴᠢ ᠦᠭᠡ ᠬᠡᠯᠡᠪᠡ ᠃ | ᠤᠯᠠᠨ ᠢᠶᠠᠷ ᠢᠶᠠᠨ ᠂ ᠬᠤᠷᠢᠶᠠᠨ ᠳᠠᠷᠤᠭ᠎ᠠ ᠯᠢ ᠵᠠᠨ ᠱᠤ᠋ ᠶᠢᠨ | ᠬᠢᠭᠰᠡᠨ ᠠᠵᠢᠯ ᠤᠨ ᠮᠡᠳᠡᠭᠦᠯᠦᠯᠲᠡ ᠨᠢ ᠨᠠᠮ ᠤᠨ ᠲᠥᠪ | ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ | ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ | ᠱᠠᠲᠤᠨ ᠳᠤ ᠰᠠᠭᠤᠷᠢᠯᠠᠭᠰᠠᠨ ᠂ ᠰᠢᠨ᠎ᠡ ᠣᠶᠢᠯᠠᠭᠠᠭᠳᠠᠬᠤᠨ ᠢ | ᠲᠤᠭᠤᠰᠢᠯᠠᠭᠤᠯᠤᠭᠰᠠᠨ ᠂ ᠰᠢᠨ᠎ᠡ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ | ᠃ ᠡᠨᠡᠬᠦ ᠮᠠᠳᠡᠭᠦᠯᠦᠯᠲᠠ ᠶᠢ ᠪᠦᠷᠢᠮᠦᠰᠦᠨ ᠵᠥᠪᠰᠢᠶᠡᠷᠡᠵᠦ | ᠪᠠᠶᠢᠨ᠎ᠠ ᠭᠡᠵᠦ ᠢᠯᠡᠳᠬᠡᠵᠡᠭᠡᠪᠡ ᠃ ᠤᠯᠠᠨ ᠢᠶᠠᠷ ᠢᠶᠠᠨ ᠂ | ᠲᠠᠪᠤᠨ ᠵᠢᠯ ᠤᠨ ᠲᠤᠷᠰᠢ ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠶᠢ ᠬᠠᠮᠤᠭ ᠤᠨ ᠳᠡᠭᠡᠳᠦ ᠤᠯᠤᠰ ᠲᠦᠷᠦ ᠶᠢᠨ | ᠵᠠᠷᠴᠢᠮ ᠪᠣᠯᠭᠠᠵᠤ ᠂ ᠤᠯᠤᠰ ᠲᠦᠷᠦ ᠶᠢᠨ ᠪᠠᠶᠢᠭᠤᠯᠭ᠎ᠠ ᠶᠢᠨ | ᠰᠠᠭᠤᠷᠢ ᠶᠢ ᠨᠡᠩ ᠪᠠᠬᠢᠵᠢᠭᠦᠯᠪᠠ︔ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ ᠂ | ᠡᠷᠬᠡᠲᠦ ᠪᠠᠶᠢᠭᠤᠯᠭ᠎ᠠ ᠶᠢᠨ ᠦᠢᠯᠡᠳᠦᠯ ᠢ ᠨᠡᠩ ᠭᠦᠢᠴᠡᠳ | ᠪᠠᠳᠠᠷᠠᠭᠤᠯᠪᠠ ︔ ᠭᠤᠣᠯ ᠠᠵᠢᠯ ᠤᠨ ᠲᠣᠭᠤᠷᠢᠨ ᠳᠤ ᠂ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠠᠵᠢᠯ ᠤᠨ | ᠪᠠᠶᠢᠭᠤᠯᠭ᠎ᠠ ᠶᠢᠨ ᠦᠢᠯᠡᠳᠦᠯ ᠢ ᠨᠡᠩ ᠲᠣᠪᠣᠶᠢᠮ᠎ᠠ ᠪᠣᠯᠭᠠᠪᠠ | ︔ ᠲᠥᠯᠥᠭᠡᠯᠡᠭᠴᠢᠳ ᠤᠨ ᠠᠵᠢᠯ ᠢ ᠪᠦᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠵᠤ ᠂ ᠲᠥᠯᠥᠭᠡᠯᠡᠭᠴᠢᠳ ᠤᠨ | ᠪᠠᠶᠢᠭᠤᠯᠭ᠎ᠠ ᠶᠢᠨ ᠦᠢᠯᠡᠳᠦᠯ ᠢ ᠡᠳᠦᠷ ᠢᠷᠡᠬᠦᠶ᠎ᠡ ᠭᠦᠢᠴᠡᠳ | ᠢᠯᠡᠷᠡᠭᠦᠯᠪᠠ ᠭᠡᠵᠦ ᠦᠵᠡᠵᠡᠭᠡᠪᠡ ᠃ | | |