3 ᠳ᠋ᠤᠭᠠᠷ ᠰᠠᠷ᠎ᠠ ᠶᠢᠨ 9 ᠤ ᠡᠳᠦᠷ ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ | ᠰᠢᠶᠠ ᠶᠢᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠳᠠᠷᠤᠭ᠎ᠠ ᠨᠠᠷ ᠤᠨ ᠬᠤᠶᠠᠳᠤᠭᠠᠷ ᠤᠳᠠᠭᠠᠨ ᠤ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠸᠠᠩ ᡁᠢ ᠴᠢᠶᠠᠩ ᠬᠡᠯᠡᠬᠦ ᠳᠤ ᠪᠠᠨ ᠂ ᠠᠵᠤ ᠦᠢᠯᠡᠰ ᠤᠨ | ᠬᠡᠯᠬᠢᠶ᠎ᠡ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠳᠤ ᠡᠷᠬᠡᠪᠰᠢ ᠰᠢᠰᠲ᠋ᠧᠮᠲᠦ | ᠰᠡᠳᠬᠢᠬᠦᠢ ᠶᠢ ᠪᠤᠢ ᠪᠣᠯᠭᠠᠬᠤ ᠬᠡᠷᠡᠭᠲᠡᠢ ᠃ ᠪᠦᠬᠦ ᠠᠵᠤ | ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠦᠷᠳᠡᠭ ᠢ | ᠨᠡᠮᠡᠭᠳᠡᠭᠦᠯᠬᠦ ᠪᠠᠷ ᠲᠣᠳᠣᠷᠬᠠᠢ ᠬᠠᠷᠠᠯᠲᠠ ᠪᠣᠯᠭᠠᠵᠤ ᠂ | ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ | ᠂ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠠᠵᠤ | ᠦᠢᠯᠡᠰ ᠤᠨ ᠬᠡᠯᠬᠢᠶ᠎ᠡ ᠶᠢᠨ ᠥᠷᠢᠰᠦᠯᠳᠦᠬᠦ ᠬᠦᠴᠦᠨ ᠤ | ᠪᠠᠶᠢᠭᠤᠯᠤᠯᠲᠠ ᠶᠢ ᠲᠤᠪᠤᠶᠢᠯᠭᠠᠵᠦ ᠂ ᠴᠢᠭᠯᠡᠯᠲᠦ ᠴᠢᠨᠠᠷᠲᠠᠢ | ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠪᠦᠷᠢᠯᠡᠯ ᠤᠨ | ᠲᠠᠯ᠎ᠠ ᠳᠠᠬᠢ ᠡᠯᠧᠮᠧᠨ᠋ᠲ ᠤᠨ ᠥᠪᠡᠷ ᠤᠨ ᠦᠷᠳᠡᠭ ᠢ | ᠪᠠᠭᠤᠷᠠᠭᠤᠯᠤᠨ ᠂ ᠪᠣᠷᠤᠯᠠᠭᠤᠯᠭ᠎ᠠ ᠶᠢᠨ ᠲᠠᠯ᠎ᠠ ᠳᠠᠬᠢ | ᠦᠢᠯᠡᠳᠬᠦᠨ ᠤ ᠦᠨ᠎ᠡ ᠥᠰᠬᠦ ᠥᠷᠳᠡᠭ ᠢ ᠨᠡᠮᠡᠭᠳᠡᠭᠦᠯᠬᠦ | ᠬᠡᠷᠡᠭᠲᠡᠢ᠃ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠥᠲᠥᠴᠢ ᠠᠵᠤ | ᠠᠬᠤᠶᠢᠯᠠᠯ ᠪᠣᠯᠣᠨ ᠣᠨᠴᠠᠯᠢᠭᠲᠤ ᠠᠵᠤ ᠠᠬᠤᠶᠢᠯᠠᠯ ᠢ | ᠶᠡᠭᠡ ᠪᠠᠷ ᠪᠣᠶᠢᠵᠢᠭᠤᠯᠤᠨ ᠂ ᠵᠠᠬ᠎ᠠ ᠳᠡᠯᠭᠡᠭᠦᠷ ᠤᠨ | ᠬᠡᠪᠴᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠤ | ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠪᠠᠲᠤᠯᠠᠬᠤ | ᠬᠡᠷᠡᠭᠲᠡᠢ ᠃ ᠣᠷᠣᠨ ᠪᠦᠰᠡ ᠶᠢᠨ ᠨᠠᠷᠠᠲᠤ ᠲᠡᠮᠳᠡᠭ ᠂ ᠠᠵᠤ | ᠠᠬᠤᠶᠢᠯᠠᠯ ᠤᠨ ᠨᠠᠷᠠᠲᠤ ᠲᠡᠮᠳᠡᠭ ᠂ ᠦᠢᠯᠡᠳᠬᠦᠨ ᠤ ᠨᠠᠷᠠᠲᠤ | ᠲᠡᠮᠳᠡᠭ ᠢ ᠪᠣᠢ ᠪᠣᠯᠭᠠᠵᠤ᠂ ᠨᠡᠷᠡᠳᠤ ᠲᠡᠮᠳᠡᠭ ᠤᠨ | ᠵᠢᠭᠰᠠᠭᠠᠯ ᠢ ᠪᠦᠷᠢᠯᠳᠦᠭᠦᠯᠬᠦ ᠬᠡᠷᠡᠭᠲᠡᠢ᠃ ᠵᠠᠬ᠎ᠠ | ᠳᠡᠯᠭᠡᠭᠦᠷ ᠢᠶᠠᠷ ᠬᠦᠴᠦᠨ ᠴᠢᠳᠠᠮᠵᠢ ᠣᠯᠭᠤᠬᠤ ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠬᠦᠴᠦᠨ ᠴᠢᠳᠠᠮᠵᠢ ᠣᠯᠭᠤᠬᠤ ᠂ | ᠮᠥᠩᠭᠦᠨ ᠭᠦᠢᠯᠭᠡᠭᠡᠨ ᠢᠶᠠᠷ ᠬᠦᠴᠦᠨ ᠴᠢᠳᠠᠮᠵᠢ | ᠣᠯᠭᠤᠬᠤ ᠶᠢ ᠴᠢᠩᠭᠠᠷᠠᠭᠤᠯᠵᠤ ᠂ ᠠᠵᠤ ᠦᠢᠯᠡᠰ ᠤᠨ | ᠬᠡᠯᠬᠢᠶ᠎ᠡ ᠶᠢᠨ ᠦᠢᠯᠡᠳᠬᠦᠨ ᠤ ᠦᠷᠳᠡᠭ ᠤᠨ ᠲᠠᠬᠢᠨ | ᠲᠤᠭ᠎ᠠ ᠪᠠᠷ ᠨᠡᠮᠡᠭᠳᠡᠬᠦ ᠶᠢ ᠲᠠᠶᠢᠴᠢᠯᠠᠵᠤ ᠂ ᠤᠯᠠᠨ | ᠡᠰᠢᠵᠢᠭᠰᠡᠨ ᠤᠳᠤ ᠦᠶ᠎ᠡ ᠶᠢᠨ ᠠᠵᠤ ᠦᠢᠯᠡᠰ ᠤᠨ | ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠡᠢ ᠃ | ᠪᠦᠦ ᠰᠢᠶᠠᠨ ᠬᠤᠸᠠ ᠂ ᠵᠧᠩ ᠭᠤᠸᠠᠩ ᠵᠤᠤ ᠂ ᠶᠣᠣ ᠶᠦᠩ ᠪᠥᠸᠧ ᠂ | ᠳᠠᠶᠢᠴᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠳᠠᠯ ᠢ | ᠬᠠᠷᠢᠭᠤ ᠮᠡᠳᠡᠭᠦᠯᠵᠦ ᠬᠠᠮᠲᠤ ᠪᠠᠷ ᠰᠤᠳᠤᠯᠤᠨ ᠶᠠᠷᠢᠯᠴᠠᠪᠠ ᠃ | | |