| 3 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ | ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠨᠡᠶᠢᠭᠡᠮ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠣᠷᠣᠨ ᠲᠡᠪᠰᠢᠭᠦ ᠲᠡᠰ ᠳᠡᠪᠰᠢᠭᠦ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠃ | ᠬᠤᠸᠠᠩ ᡁᠢ ᠴᠢᠶᠠᠩ ᠂ ᠨᠡᠶᠢᠭᠡᠮ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠠᠵᠢᠯ ᠨᠢ ᠠᠵᠤ ᠠᠬᠤᠢ ᠶᠢᠨ ᠬᠥᠭᠵᠢᠯᠲᠡ ᠲᠠᠢ | ᠬᠤᠯᠪᠣᠯᠳᠤᠬᠤ ᠪᠥᠭᠡᠳ ᠪᠠᠰᠠ ᠠᠶᠢᠯ ᠡᠷᠦᠭᠡ ᠪᠦᠭᠦᠨ ᠲᠠᠢ | ᠬᠤᠯᠪᠣᠯᠳᠤᠵᠤ ᠪᠠᠶᠢᠳᠠᠭ ᠂ ᠣᠷᠣᠨ ᠲᠡᠪᠰᠢᠭᠦ ᠳᠡᠰ | ᠳᠡᠪᠰᠢᠭᠦ ᠶᠢᠨ ᠵᠠᠩᠭᠢᠯᠠᠭ᠎ᠠ ᠨᠢ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠦᠷᠭᠦᠯᠵᠢᠯᠡᠨ | ᠪᠤᠵᠠᠭᠠᠶᠢᠷᠠᠭᠤᠯᠬᠤ ᠳᠤ ᠪᠠᠶᠢᠨ᠎ᠠ ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠳᠠᠭᠠᠵᠤ ᠂ ᠣᠷᠣᠨ ᠤ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂ | ᠨᠡᠬᠡᠵᠦ ᠭᠦᠢᠴᠡᠭᠦ ᠬᠠᠷᠠᠯᠲᠠ ᠪᠠᠨ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ ᠂ ᠲᠠᠩ ᠵᠦᠢᠯ ᠤᠨ ᠭᠦᠢᠴᠡᠳᠬᠡᠯ | ᠲᠤᠭ᠎ᠠ ᠶᠢᠨ ᠶᠡᠭᠡ ᠬᠡᠮᠵᠢᠶᠡᠨ ᠤ ᠳᠠᠪᠠᠯᠲᠠ ᠪᠠᠷ | ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢᠨ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠪᠠᠷ | ᠴᠢᠷᠮᠠᠶᠢᠬᠤ ᠬᠡᠷᠡᠭᠲᠡᠢ ᠃ ᠠᠵᠢᠯ ᠬᠢᠬᠦ ᠴᠢᠳᠠᠪᠤᠷᠢ ᠪᠠᠨ | ᠳᠡᠭᠡᠭᠰᠢᠯᠡᠭᠦᠯᠵᠦ ᠂ ᠨᠡᠶᠢᠭᠡᠮ ᠠᠷᠠᠳ ᠤᠨ ᠠᠮᠢᠳᠤᠷᠠᠯ ᠤᠨ | ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠂ ᠡᠳ᠋ ᠤᠨ | ᠵᠠᠰᠠᠭ ᠤᠨ ᠣᠷᠣᠭᠤᠯᠤᠯᠲᠠ ᠶᠢ ᠴᠢᠩᠭᠠᠳᠬᠠᠵᠤ ᠂ ᠨᠠᠷᠢᠯᠢᠭ | ᠬᠠᠮᠢᠶᠠᠷᠤᠯᠲᠠ ᠶᠢ ᠴᠢᠩᠭᠠᠳᠬᠠᠵᠤ ᠂ ᠵᠠᠭᠪᠤᠷ ᠤᠨ ᠰᠢᠨ᠎ᠡ ᠶᠢ | ᠡᠭᠦᠳᠭᠦ ᠶᠢ ᠬᠦᠴᠦᠯᠡᠨ ᠠᠬᠢᠭᠤᠯᠵᠤ ᠂ ᠬᠢᠬᠦ ᠰᠠᠨᠠᠭ᠎ᠠ ᠲᠠᠢ ᠂ | ᠬᠢᠵᠦ ᠴᠢᠳᠠᠬᠤ ᠂ ᠰᠢᠨ᠎ᠡ ᠶᠢ ᠡᠭᠦᠳᠦᠨ ᠬᠢᠬᠦ ᠶᠢ | ᠪᠡᠶᠡᠯᠡᠭᠦᠯᠬᠦ ᠬᠡᠷᠡᠭᠲᠡᠢ ᠃ ᠨᠢᠭᠡᠳᠦᠯᠲᠡᠢ ᠦᠵᠦ | ᠲᠥᠯᠦᠪᠵᠢᠭᠦᠯᠭᠡ ᠶᠢ ᠴᠢᠬᠤᠯᠠᠴᠢᠯᠠᠵᠤ ᠂ ᠰᠢᠰᠲ᠋ᠧᠮᠲᠦ | ᠰᠡᠳᠬᠢᠬᠦᠢ ᠶᠢ ᠪᠠᠷᠢᠮᠲᠠᠯᠠᠨ ᠂ ᠰᠠᠯᠠᠭ᠎ᠠ ᠮᠥᠴᠢᠷ ᠤᠳ ᠤᠨ | ᠬᠠᠮᠵᠢᠯᠴᠠᠭ᠎ᠠ ᠶᠢ ᠴᠢᠩᠭᠠᠳᠬᠠᠵᠤ ᠂ ᠰᠠᠶᠢᠨ ᠵᠢᠯᠣᠭᠤᠳᠤᠭᠴᠢ | ᠪᠤᠯᠬᠤ ᠪᠥᠭᠡᠳ ᠪᠠᠰᠠ ᠰᠠᠶᠢᠨ ᠪᠠᠶᠢᠯᠳᠤᠭᠴᠢ ᠪᠣᠯᠵᠤ ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ ᠃ | ᠴᠢ᠊ ᠪᠠᠲᠤ ᠂ ᠪᠦᠦ ᠰᠢᠶᠠᠨ ᠬᠤᠸᠠ ᠬᠤᠷᠠᠯ ᠳᠤ ᠣᠷᠣᠯᠴᠠᠵᠠᠢ | ᠃ | | |