ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠭᠲᠠᠭᠠᠯ ᠤᠨ ᠲᠥᠰᠥᠯ ᠵᠡᠷᠭᠡ ᠶᠢ ᠬᠢᠨᠠᠨ ᠵᠥᠪᠯᠡᠪᠡ  ᠰᠦᠨ ᠱᠤᠤ ᠴᠧᠩ  ᠸᠠᠩ ᠯᠢ ᠰᠢᠶᠠ  ᠪᠦ᠋ ᠰᠢᠶᠣᠣ ᠯᠢᠨ ᠦᠭᠡ ᠬᠡᠯᠡᠵᠡᠢ
  
2023/3/14

 

         3 ᠰᠠᠷ᠎ᠠ ᠶᠢᠨ 9᠎ ᠤ ᠡᠳᠦᠷ ᠂ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ

ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ

ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ

ᠲᠥᠯᠥᠭᠡᠯᠡᠭᠴᠢᠳ ᠤᠨ ᠳᠤᠭᠤᠶᠢᠯᠠᠩ ᠤᠨ ᠬᠤᠷᠠᠯ ᠪᠠ ᠪᠦᠭᠦᠳᠡ

ᠬᠤᠷᠠᠯ ᠬᠢᠵᠦ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ

ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ

ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ

ᠬᠢᠨᠠᠨ ᠵᠥᠪᠯᠡᠵᠦ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ

ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ

ᠲᠤᠬᠠᠢ ᠲᠣᠭᠲᠠᠭᠠᠯ ᠤᠨ ᠲᠥᠰᠥᠯ ᠢ ᠬᠢᠨᠠᠨ ᠵᠥᠪᠯᠡᠵᠦ ᠂ 

ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ ᠃ 

         ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ

ᠴᠧᠩ ᠪᠦᠭᠦᠳᠡ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠵᠦ ᠂ 

ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠦᠭᠡ ᠬᠡᠯᠡᠵᠦ ᠂ 

ᠯᠢᠨ ᠱᠤᠤ ᠴᠦᠨ ᠂ ᠶᠠᠩ ᠎ ᠶᠢᠨ ᠲᠥᠯᠥᠭᠡᠯᠡᠭᠴᠢᠳ ᠤᠨ

ᠳᠤᠭᠤᠶᠢᠯᠠᠩ ᠤᠨ ᠬᠤᠷᠠᠯ ᠢ ᠡᠷᠭᠢᠯᠡᠭᠰᠡᠨ ᠪᠥᠭᠡᠳ ᠦᠭᠡ

ᠬᠡᠯᠡᠪᠡ ᠃ ᠠᠷᠠᠳ ᠤᠨ ᠳᠡᠭᠡᠳᠦ ᠰᠢᠭᠦᠭᠦ ᠬᠤᠷᠢᠶ᠎ᠠ ᠂ ᠠᠷᠠᠳ ᠤᠨ

ᠳᠡᠭᠡᠳᠦ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ

ᠨᠥᠬᠦᠳ ᠪᠣᠯᠣᠨ ᠶᠡᠭᠡ ᠬᠤᠷᠠᠯ ᠤᠨ ᠬᠠᠤᠯᠢ ᠶᠢᠨ ᠲᠥᠰᠥᠯ ᠤᠨ

ᠳᠤᠭᠤᠶᠢᠯᠠᠩ ᠂ ᠲᠣᠪᠴᠢ ᠮᠡᠳᠡᠭᠡ ᠶᠢᠨ ᠳᠤᠭᠤᠶᠢᠯᠠᠩ ᠤᠨ

ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠰᠠᠨᠠᠯ

ᠰᠣᠨᠣᠰᠴᠠᠢ ᠃  

         ᠰᠦᠨ ᠱᠤᠤ ᠴᠧᠩ ᠲᠥᠯᠥᠭᠡᠯᠡᠭᠴᠢ ᠂ ᠠᠷᠠᠳ ᠤᠨ ᠳᠡᠭᠡᠳᠦ

ᠰᠢᠭᠦᠭᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠎ ᠨᠢ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ

ᠣᠨᠴᠠᠭᠠᠶᠢᠯᠠᠨ ᠰᠢ ᠶᠢᠨ ᠫᠢᠩ ᠤᠨ ᠬᠠᠤᠯᠢᠵᠢᠯ ᠤᠨ ᠦᠵᠡᠯ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠠᠷᠠᠳ ᠤᠯᠠᠨ ᠤ

ᠬᠠᠤᠯᠢ ᠴᠠᠭᠠᠵᠠ ᠶᠢᠨ ᠲᠥᠪ ᠭᠤᠣᠯᠴᠢ ᠢᠯᠡ ᠲᠣᠳᠣ ᠪᠠᠶᠢᠬᠤ

ᠲᠤᠬᠠᠢ ᠠᠩᠬᠠᠷᠤᠯ ᠬᠠᠯᠠᠮᠵᠢᠯᠠᠯ ᠪᠠ ᠬᠦᠰᠡᠯ ᠡᠷᠡᠮᠡᠯᠵᠡᠯ ᠳᠤ

ᠢᠳᠡᠪᠬᠢᠲᠡᠢ ᠬᠠᠷᠢᠭᠤᠯᠲᠠ ᠥᠭᠴᠦ ᠂ ᠬᠠᠤᠯᠢᠵᠢᠯ ᠤᠨ ᠵᠣᠷᠢᠭ

ᠰᠠᠨᠠᠭ᠎ᠠ ᠶᠢ ᠪᠠᠳᠠᠷᠠᠭᠤᠯᠵᠤ ᠂ ᠬᠠᠤᠯᠢ ᠴᠠᠭᠠᠵᠠ ᠶᠢᠨ

ᠡᠭᠦᠷᠭᠡᠯᠡᠯ ᠢ ᠢᠯᠡᠷᠡᠭᠦᠯᠵᠦ ᠂ ᠪᠠᠶᠢᠭᠤᠯᠤᠯ ᠤᠨ ᠢᠲᠡᠭᠡᠯ ᠢ

ᠢᠯᠡᠷᠡᠭᠦᠯᠪᠡ ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠃ 

ᠥᠩᠭᠡᠷᠡᠭᠰᠡᠨ 5 ᠵᠢᠯ ᠤᠨ ᠠᠷᠠᠳ ᠤᠨ ᠳᠡᠭᠡᠳᠦ ᠰᠢᠭᠦᠭᠦ

ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ ᠶᠢᠨ ᠠᠵᠢᠯ ᠤᠨ ᠬᠠᠮᠤᠭ ᠤᠨ ᠲᠣᠪᠣᠶᠢᠮ᠎ᠠ ᠣᠨᠴᠠᠯᠢᠭ

ᠪᠣᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠪᠦᠭᠦ

ᠤᠯᠤᠰ ᠤᠨ ᠰᠢᠭᠦᠭᠦ ᠬᠤᠷᠢᠶ᠎ᠠ ᠂ ᠪᠠᠶᠢᠴᠠᠭᠠᠬᠤ ᠬᠤᠷᠢᠶ᠎ᠠ ᠶᠢᠨ

ᠰᠢᠰᠲ᠋ᠧᠮ ᠤᠨ ᠬᠢᠨ ᠨᠠᠮ ᠤᠨ ᠲᠥᠪ ᠬᠤᠷᠢᠶ᠎ᠠ ᠶᠢᠨ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ

ᠲᠠᠯ᠎ᠠ ᠳᠤ ᠦᠢᠯᠡᠴᠢᠯᠡᠬᠦ ᠳᠡᠭᠡᠨ ᠡᠷᠴᠢᠮ ᠲᠠᠢ ᠪᠠᠶᠢᠵᠤ ᠂ 

ᠠᠷᠠᠳ ᠤᠨ ᠲᠥᠯᠥᠭᠡ ᠬᠠᠤᠯᠢ ᠪᠠᠷᠢᠬᠤ ᠳᠠᠭᠠᠨ ᠬᠠᠶᠢᠷ᠎ᠠ

ᠰᠡᠳᠬᠢᠯᠭᠡ ᠲᠠᠢ ᠪᠠᠶᠢᠵᠤ ᠂ ᠥᠭᠡᠷᠡᠴᠢᠯᠡᠯᠲᠡ ᠬᠢᠵᠦ

ᠰᠢᠨ᠎ᠡ ᠶᠢ ᠡᠭᠦᠳᠭᠦ ᠳᠡᠭᠡᠨ ᠭᠦᠨᠴᠡ ᠲᠠᠢ ᠪᠠᠶᠢᠵᠤ ᠂ ᠲᠣᠰ

ᠪᠡᠶ᠎ᠡ ᠶᠢᠨ ᠪᠠᠶᠢᠭᠤᠯᠤᠯᠲᠠ ᠬᠢᠬᠦ ᠳᠡᠭᠡᠨ ᠴᠢᠩᠭ᠎ᠠ ᠬᠠᠲᠠᠭᠤ

ᠪᠠᠶᠢᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ 

ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ

ᠬᠠᠮᠠᠭᠠᠯᠠᠬᠤ ᠳᠤ ᠬᠦᠴᠦᠲᠡᠢ ᠬᠠᠤᠯᠢ ᠴᠠᠭᠠᠵᠠ ᠶᠢᠨ

ᠪᠠᠲᠤᠯᠠᠭ᠎ᠠ ᠬᠠᠩᠭᠠᠭᠰᠠᠨ ᠪᠠᠶᠢᠨ᠎ᠠ ᠃ ᠪᠦᠭᠦ ᠣᠷᠣᠨ ᠤ ᠰᠢᠭᠦᠭᠦ

ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠰᠢᠰᠲ᠋ᠧᠮ ᠤᠨ ᠬᠢᠨ

ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ

ᠮᠡᠳᠡᠭᠦᠯᠦᠯᠲᠡ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠡᠨᠡ ᠵᠢᠯ ᠤᠨ

ᠠᠵᠢᠯ ᠤᠨ ᠲᠤᠬᠠᠢ ᠳᠤᠷᠠᠳᠤᠭᠰᠠᠨ ᠰᠠᠨᠠᠭᠤᠯᠭ᠎ᠠ ᠶᠢ ᠨᠠᠷᠢᠨ

ᠬᠢᠨᠠᠮᠠᠭᠠᠢ ᠲᠤᠭᠤᠰᠢᠯᠠᠭᠤᠯᠵᠤ ᠂ ᠬᠠᠤᠯᠢ ᠶᠣᠰᠣᠭᠠᠷ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠵᠦ ᠂ ᠢᠳᠡᠪᠬᠢᠲᠡᠢ ᠪᠠᠷ

ᠵᠢᠳᠬᠦᠯ ᠴᠢᠷᠮᠠᠶᠢᠯᠭ᠎ᠠ ᠭᠠᠷᠭᠠᠵᠤ ᠂ ᠬᠠᠤᠯᠢᠵᠢᠯ ᠤᠨ ᠥᠪᠥᠷ

ᠮᠣᠩᠭᠤᠯ ᠂ ᠠᠮᠤᠷ ᠠᠮᠤᠭᠤᠯᠠᠩ ᠥᠪᠥᠷ ᠮᠣᠩᠭᠤᠯ ᠤᠨ

ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠡᠬᠡ ᠤᠯᠤᠰ ᠤᠨ

ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ

ᠪᠠᠲᠤ ᠴᠣᠭᠴᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ

ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ

ᠥᠩᠭᠡᠷᠡᠭᠰᠡᠨ ᠲᠠᠢ ᠪᠠᠨ ᠠᠳᠠᠯᠢ ᠪᠠᠷ ᠰᠢᠭᠦᠭᠦ ᠬᠤᠷᠢᠶ᠎ᠠ

ᠪᠠᠶᠢᠴᠠᠭᠠᠬᠤ ᠬᠤᠷᠢᠶ᠎ᠠ ᠶᠢᠨ ᠰᠢᠰᠲ᠋ᠧᠮ ᠤᠨ ᠠᠵᠢᠯ ᠢ

ᠳᠡᠮᠵᠢᠵᠦ ᠂ ᠡᠯ᠎ᠡ ᠵᠦᠢᠯ ᠤᠨ ᠢᠵᠢ ᠪᠦᠷᠢᠳᠦᠭᠦᠯᠬᠦ

ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ

ᠨᠠᠶᠢᠳᠠᠪᠤᠷᠢᠵᠢᠭᠤᠯᠵᠤ ᠂ ᠰᠢᠭᠦᠭᠦ ᠬᠤᠷᠢᠶ᠎ᠠ ᠪᠠᠶᠢᠴᠠᠭᠠᠬᠤ

ᠬᠤᠷᠢᠶ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠡᠭᠦᠳᠴᠦ ᠥᠭᠬᠦ 

ᠬᠡᠷᠡᠭᠲᠡᠢ ᠭᠡᠵᠡᠢ ᠃  

         ᠸᠠᠩ ᠯᠢ ᠰᠢᠶᠠ ᠲᠥᠯᠥᠭᠡᠯᠡᠭᠴᠢ ᠂ ᠠᠷᠠᠳ ᠤᠨ ᠳᠡᠭᠡᠳᠦ

ᠰᠢᠭᠦᠭᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ ᠶᠢᠨ ᠠᠵᠢᠯ  ᠤᠨ ᠮᠡᠳᠡᠭᠦᠯᠦᠯᠲᠡ ᠎ ᠨᠢ ᠰᠢ ᠶᠢᠨ

ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ

ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠲᠥᠪ

ᠬᠤᠷᠢᠶ᠎ᠠ ᠶᠢᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ

ᠵᠠᠰᠠᠬᠤ ᠂ ᠬᠠᠤᠯᠢᠵᠢᠯ ᠤᠨ ᠳᠤᠮᠳᠠᠳᠤ ᠤᠯᠤᠰ ᠢ ᠪᠦᠲᠦᠭᠡᠨ

ᠪᠠᠶᠢᠭᠤᠯᠬᠤ ᠲᠤᠬᠠᠢ ᠰᠢᠨ᠎ᠡ ᠱᠠᠭᠠᠷᠳᠠᠯᠭ᠎ᠠ ᠶᠢ ᠭᠦᠢᠴᠡᠳ

ᠢᠯᠡᠷᠡᠭᠦᠯᠵᠦ ᠂ ᠠᠷᠠᠳ ᠤᠯᠠᠨ ᠤ ᠲᠥᠪ ᠭᠤᠣᠯᠴᠢ ᠰᠢᠳᠤᠷᠭᠤ

ᠶᠣᠰᠣᠨ ᠤ ᠲᠤᠬᠠᠢ ᠰᠢᠨ᠎ᠡ ᠬᠦᠰᠡᠯ ᠡᠷᠡᠮᠡᠯᠵᠡᠯ ᠳᠤ

ᠢᠳᠡᠪᠬᠢᠲᠡᠢ ᠬᠠᠷᠢᠭᠤᠯᠲᠠ ᠥᠭᠴᠡᠢ ᠂ ᠪᠢ ᠪᠦᠷᠢᠮᠦᠰᠦᠨ

ᠵᠥᠪᠰᠢᠶᠡᠷᠡᠵᠦ ᠪᠠᠶᠢᠨ᠎ᠠ ᠃ ᠲᠠᠪᠤᠨ ᠵᠢᠯ ᠤᠨ ᠲᠤᠷᠰᠢ ᠂ ᠪᠦᠭᠦ

ᠤᠯᠤᠰ ᠤᠨ ᠰᠢᠭᠦᠭᠦ ᠬᠤᠷᠢᠶ᠎ᠠ ᠂ ᠪᠠᠶᠢᠴᠠᠭᠠᠬᠤ ᠬᠤᠷᠢᠶ᠎ᠠ ᠶᠢᠨ

ᠰᠢᠰᠲ᠋ᠧᠮ ᠤᠨ ᠬᠢᠨ ᠬᠠᠤᠯᠢ ᠴᠠᠭᠠᠵᠠ ᠶᠢᠨ ᠠᠵᠢᠯ ᠳᠠᠬᠢ

ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ

ᠪᠠᠷᠢᠮᠲᠠᠯᠠᠵᠤ ᠂ ᠦᠨᠳᠦᠰᠦᠨ ᠬᠠᠤᠯᠢ ᠬᠠᠤᠯᠢ ᠴᠠᠭᠠᠵᠠ ᠠᠴᠠ

ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ

ᠭᠦᠢᠴᠡᠳᠬᠡᠵᠦ ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ

ᠳᠦᠷᠢᠮ ᠢ ᠴᠢᠩᠭ᠎ᠠ ᠬᠡᠷᠡᠭᠵᠢᠭᠦᠯᠵᠦ ᠂ ᠥᠪᠡᠷ ᠪᠡᠶ᠎ᠡ ᠶᠢᠨ

ᠬᠤᠪᠢᠰᠬᠠᠯ ᠤᠨ ᠵᠣᠷᠢᠭ ᠰᠠᠨᠠᠭ᠎ᠠ ᠪᠠᠷ ᠬᠥᠮᠦᠵᠢᠯ

ᠴᠡᠭᠴᠡᠯᠡᠯᠲᠡ ᠶᠢ ᠭᠦᠨᠵᠡᠭᠡᠢ ᠠᠬᠢᠭᠤᠯᠵᠤ ᠂ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ

ᠦᠷᠭᠦᠯᠵᠢᠯᠡᠨ ᠥᠷᠨᠢᠭᠦᠯᠵᠦ ᠂ ᠤᠯᠠᠨ ᠲᠦᠮᠡᠨ ᠤ ᠦᠨᠳᠦᠰᠦᠨ ᠠᠰᠢᠭ

ᠲᠤᠰᠠ ᠶᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢ

ᠬᠠᠤᠯᠢ ᠶᠣᠰᠣᠭᠠᠷ ᠵᠠᠯᠬᠠᠭᠠᠨ ᠰᠢᠢᠳᠬᠡᠵᠦ ᠂ ᠶᠡᠷᠦᠩᠬᠡᠢ

ᠱᠦᠵᠢ ᠶᠢᠨ ᠱᠠᠭᠠᠷᠳᠠᠭᠰᠠᠨ 《 ᠠᠷᠠᠳ ᠤᠯᠠᠨ ᠳᠤ ᠬᠠᠤᠯᠢ

ᠪᠠᠷᠢᠭᠰᠠᠨ ᠬᠡᠷᠡᠭ ᠨᠢᠭᠡ ᠪᠦᠷᠢ ᠠᠴᠠ ᠲᠥᠪ ᠭᠤᠣᠯᠴᠢ ᠰᠢᠳᠤᠷᠭᠤ

ᠶᠣᠰᠣ ᠶᠢ ᠮᠡᠳᠡᠷᠡᠭᠦᠯᠬᠦ ︾᠎ ᠶᠢ ᠦᠨᠡᠨ ᠬᠦ ᠪᠡᠶᠡᠯᠡᠭᠦᠯᠪᠡ ᠃ 

ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ

ᠥᠩᠭᠡᠷᠡᠭᠰᠡᠨ ᠲᠠᠢ ᠪᠠᠨ ᠠᠳᠠᠯᠢ ᠪᠠᠷ ᠰᠢᠭᠦᠭᠦ ᠬᠤᠷᠢᠶ᠎ᠠ

ᠪᠠᠶᠢᠴᠠᠭᠠᠬᠤ ᠬᠤᠷᠢᠶ᠎ᠠ ᠯᠤᠭ᠎ᠠ ᠶᠢᠨ ᠵᠣᠬᠢᠴᠠᠭᠤᠯᠭ᠎ᠠ

ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ ᠂ ᠬᠠᠤᠯᠢᠵᠢᠯ ᠤᠨ

ᠥᠪᠥᠷ ᠮᠣᠩᠭᠤᠯ ᠂ ᠠᠮᠤᠷ ᠠᠮᠤᠭᠤᠯᠠᠩ ᠥᠪᠥᠷ ᠮᠣᠩᠭᠤᠯ ᠤᠨ

ᠪᠠᠶᠢᠭᠤᠯᠤᠯᠲᠠ ᠶᠢ ᠬᠠᠮᠵᠢᠯᠴᠠᠨ ᠨᠢᠭᠡᠳᠦᠯᠲᠡᠢ ᠠᠬᠢᠭᠤᠯᠵᠤ ᠂ 

ᠬᠠᠮᠲᠤ ᠪᠠᠷ ᠴᠢᠷᠮᠠᠶᠢᠵᠤ ᠣᠳᠣᠬᠢᠴᠢᠯᠠᠯᠲᠠ ᠶᠢ ᠪᠦᠭᠦ

ᠲᠠᠯ᠎ᠠ ᠪᠠᠷ ᠠᠬᠢᠭᠤᠯᠬᠤ ᠳᠤ ᠰᠠᠶᠢᠨ ᠰᠠᠶᠢᠬᠠᠨ

ᠬᠠᠤᠯᠢᠵᠢᠯ ᠤᠨ ᠣᠷᠴᠢᠨ ᠨᠥᠬᠦᠴᠡᠯ ᠢ ᠪᠤᠶ ᠪᠤᠯᠭᠠᠵᠤ ᠂ 

ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ

ᠭᠡᠵᠡᠢ ᠃ 

          ᠪᠦ᠋ ᠰᠢᠶᠣᠣ ᠯᠢᠨ ᠲᠥᠯᠥᠭᠡᠯᠡᠭᠴᠢ ᠂ ᠠᠷᠠᠳ ᠤᠨ ᠳᠡᠭᠡᠳᠦ

ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ

ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ

ᠮᠡᠳᠡᠭᠦᠯᠦᠯᠲᠡ ᠨᠢ ᠰᠢ ᠶᠢᠨ ᠫᠢᠩ ᠨᠥᠬᠦᠷ ᠢᠶᠠᠷ ᠭᠤᠣᠯ

ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ

ᠳᠣᠣᠷ᠎ᠠ ᠂ ᠰᠢᠨ᠎ᠡ ᠴᠠᠭ ᠦᠶ᠎ᠡ ᠶᠢᠨ ᠠᠷᠠᠳ ᠤᠨ ᠰᠢᠭᠦᠭᠦ

ᠬᠤᠷᠢᠶ᠎ᠠ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ

ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ

ᠭᠦᠢᠴᠡᠳ ᠲᠤᠰᠬᠠᠪᠠ ᠃ ᠲᠠᠪᠤᠨ ᠵᠢᠯ ᠤᠨ ᠲᠤᠷᠰᠢ ᠂ ᠠᠷᠠᠳ ᠤᠨ

ᠳᠡᠭᠡᠳᠦ ᠰᠢᠭᠦᠭᠦ ᠬᠤᠷᠢᠶ᠎ᠠ ᠂ ᠠᠷᠠᠳ ᠤᠨ ᠳᠡᠭᠡᠳᠦ

ᠪᠠᠶᠢᠴᠠᠭᠠᠬᠤ ᠬᠤᠷᠢᠶ᠎ᠠ ᠤᠯᠤᠰ ᠤᠨ ᠶᠡᠷᠦᠩᠬᠡᠢ ᠠᠮᠤᠷ

ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ

ᠲᠤᠭᠤᠰᠢᠯᠠᠭᠤᠯᠵᠤ ᠂ ᠠᠮᠤᠷ ᠠᠮᠤᠭᠤᠯᠠᠩ ᠳᠤᠮᠳᠠᠳᠤ ᠤᠯᠤᠰ ᠤᠨ

ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ

ᠦᠵᠡᠭᠦᠯᠪᠡ ᠃ ᠢᠮᠠᠭᠲᠠ ᠨᠠᠮ ᠤᠨ ᠲᠥᠪ ᠬᠤᠷᠢᠶ᠎ᠠ ᠶᠢᠨ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠵᠠᠬ᠎ᠠ

ᠳᠡᠯᠭᠡᠭᠦᠷ ᠤᠨ ᠡᠮᠬᠢ ᠵᠢᠷᠤᠮ ᠪᠣᠯᠣᠨ ᠠᠵᠤ ᠠᠬᠤᠢ ᠶᠢᠨ ᠠᠮᠤᠷ

ᠲᠦᠪᠰᠢᠨ ᠢ ᠬᠠᠮᠠᠭᠠᠯᠠᠬᠤ ᠂ ᠰᠢᠨ᠎ᠡ ᠬᠥᠭᠵᠢᠯᠲᠡ ᠶᠢᠨ

ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠳᠤ ᠴᠢᠬᠤᠯᠠ ᠬᠠᠤᠯᠢᠵᠢᠯ ᠤᠨ

ᠪᠠᠲᠤᠯᠠᠭ᠎ᠠ ᠬᠠᠩᠭᠠᠵᠤ ᠂ ᠥᠨᠳᠥᠷ ᠲᠦᠪᠰᠢᠨ ᠪᠦᠬᠦᠢ ᠬᠠᠤᠯᠢ

ᠴᠠᠭᠠᠵᠠ ᠪᠠᠷ ᠴᠢᠨᠠᠷ ᠰᠠᠶᠢᠲᠠᠢ ᠬᠥᠭᠵᠢᠯᠲᠡ ᠳᠤ

ᠦᠢᠯᠡᠴᠢᠯᠡᠬᠦ ᠰᠢᠨ᠎ᠡ ᠪᠠᠶᠢᠳᠠᠯ ᠢ ᠡᠭᠦᠳᠪᠡ ᠃ ᠢᠮᠠᠭᠲᠠ ᠲᠥᠪ

ᠭᠤᠣᠯᠴᠢ ᠰᠢᠳᠤᠷᠭᠤ ᠶᠣᠰᠣ ᠶᠢ ᠬᠠᠤᠯᠢ ᠪᠠᠷᠢᠬᠤ ᠶᠢᠨ ᠰᠦᠭ

ᠰᠦᠨᠡᠰᠦ ᠪᠠ ᠠᠮᠢ ᠨᠠᠰᠤ ᠪᠤᠯᠭᠠᠬᠤ ᠶᠢᠨ ᠬᠠᠮᠲᠤ ᠬᠠᠤᠯᠢ

ᠪᠠᠷᠢᠬᠤ ᠦᠢᠯᠡᠳᠦᠯᠭᠡ ᠳᠤ ᠦᠨᠡᠨ ᠪᠣᠳᠠᠲᠠᠢ ᠪᠠᠷ ᠠᠭᠤᠰᠬᠠᠵᠤ ᠂ 

ᠮᠠᠰᠢ ᠤᠯᠠᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠶᠢ

ᠲᠣᠭᠲᠠᠭᠠᠪᠠ ᠃ ᠲᠠᠪᠤᠨ ᠵᠢᠯ ᠤᠨ ᠲᠤᠷᠰᠢᠬᠢ ᠠᠵᠢᠯ ᠪᠣᠯ ᠰᠢ ᠶᠢᠨ

ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠠᠮᠢᠳᠤᠯᠢᠭ

ᠦᠢᠯᠡᠳᠦᠯᠭᠡ ᠮᠥᠨ ᠂ ᠲᠡᠷᠡ ᠨᠢ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ

ᠵᠠᠮ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ

ᠪᠠᠶᠢᠨ᠎ᠠ ᠃ ᠡᠨᠡ ᠬᠤᠶᠠᠷ ᠮᠡᠳᠡᠭᠦᠯᠦᠯᠲᠡ ᠶᠢ ᠪᠦᠷᠢᠮᠦᠰᠦᠨ

ᠵᠥᠪᠰᠢᠶᠡᠷᠡᠵᠦ ᠪᠠᠶᠢᠨ᠎ᠠ ᠭᠡᠵᠡᠢ ᠃

           ᠲᠠᠩ ᠴᠤᠤ ᠂ ᠯᠢᠦ ᠱᠤᠸᠠᠩ ᠂ ᠵᠧᠩ ᠬᠤᠩ ᠹᠠᠨ ᠂ ᠢᠦᠢ ᠯᠢ ᠰᠢᠨ ᠂ 

ᠵᠠᠩ ᠱᠤᠤ ᠴᠦᠨ ᠂ ᠶᠠᠩ ᠽᠥᠩ ᠷᠧᠨ ᠂ ᠯᠢ ᠶᠦᠩ ᠵᠢᠶᠦ᠋ᠨ ᠂ ᠶᠠᠨ ᠬᠤᠩ

ᠭᠤᠸᠠᠩ ᠂ ᠵᠢᠢ ᠶᠦᠩ ᠴᠢᠶᠠᠨ ᠂ ᠯᠦ ᠬᠤᠩ ᠪᠦᠸᠧ ᠂ ᠸᠠᠩ ᠵᠤᠤ ᠮᠢᠩ ᠂ 

ᠱᠢ ᠢᠦᠢ ᠳ᠋ᠦᠩ ᠂ ᠶᠠᠨ ᠬᠤᠩ ᠸᠧᠢ ᠂ ᠰᠢᠤᠸᠠᠢ ᡁᠢ ᠯᠦᠩ ᠂ ᠰᠢᠩ ᠵᠢᠶᠧ

ᠬᠤᠩ ᠂ ᠳ᠋ᠦ᠋ ᠭᠠᠩ ᠂ ᠴᠧᠨ ᠠᠢ ᠰᠢᠤᠸᠠᠢ ᠂ ᠰᠢᠦᠢ ᠵᠢᠶᠠᠨ ᠰᠢᠩ ᠂ ᠴᠢ

ᠢᠦᠢ ᠴᠢᠨ ᠂ ᠸᠠᠩ ᡁᠢ ᠫᠢᠩ ᠂ ᠭᠦᠩ ᠮᠢᠩ ᠵᠦ ᠂ ᠭᠦᠸᠧ ᠢᠦᠢ ᠹᠧᠩ ᠂ 

ᠭᠦᠸᠧ ᠳ᠋ᠡ ᠶᠦᠩ ᠂ ᠵᠤᠤ ᠬᠤᠢ ᠵᠢᠶᠧ ᠂ ᠬᠤ᠋ ᠬᠠᠢ ᠵᠢᠤᠸᠠᠨ ᠂ ᠮᠧᠩ

ᠹᠠᠨ ᠶᠢᠩ ᠂ ᠴᠢ ᠹᠧᠢ ᠶᠦᠨ ᠂ ᠵᠠᠩ ᠷᠦᠢ ᠂ ᠤᠦ ᠬᠤᠢ ᠷᠠᠨ ᠂ ᠎ ᠶᠢᠨ

ᡁᠢ ᠵᠢᠶᠦ᠋ᠨ ᠂ ᠾᠧ ᠬᠠᠢ ᠳ᠋ᠦᠩ ᠂ ᠳ᠋ᠦ᠋ ᠬᠤᠢ ᠯᠢᠶᠠᠩ ᠂ ᠸᠠᠩ ᠵᠧᠨ ᠂ 

ᠯᠥᠸᠧ ᠴᠢᠩ ᠂ ᠰᠦᠬᠡ ᠂ ᠵᠤᠸᠠᠩ ᠾᠧ ᠂ ᠯᠢᠦ ᠶᠠᠨ ᠪᠢᠩ ᠂ ᠵᠢᠦᠢ ᠱᠣ᠋

ᠸᠧᠨ ᠂ ᠰᠦᠨ ᠶᠢᠩ ᠂ ᠦ᠋ ᠶᠢᠩ ᠂ ᠦ᠋ ᠬᠠᠢ ᠵᠢᠶᠦ᠋ᠨ ᠵᠡᠷᠭᠡ

ᠲᠥᠯᠥᠭᠡᠯᠡᠭᠴᠢ ᠦᠭᠡ ᠬᠡᠯᠡᠪᠡ ᠃ ᠣᠯᠠᠨ ᠢᠶᠠᠷ ᠢᠶᠠᠨ ᠂ 

ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ

ᠮᠡᠳᠡᠭᠦᠯᠦᠯᠲᠡ ᠠᠷᠠᠳ ᠤᠨ ᠳᠡᠭᠡᠳᠦ ᠪᠠᠶᠢᠴᠠᠭᠠᠬᠤ

ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠪᠦᠭᠦ

ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠣᠯᠣᠨ ᠰᠢ ᠶᠢᠨ ᠫᠢᠩ ᠤᠨ ᠬᠠᠤᠯᠢᠵᠢᠯ ᠤᠨ

ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠲᠤᠭ ᠲᠡᠮᠳᠡᠭ

ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ ᠂ ᠬᠠᠤᠯᠢ

ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ

ᠦᠷ᠎ᠡ ᠪᠦᠲᠦᠮᠵᠢ ᠪᠠᠷ ᠰᠠᠶᠢᠨ ᠂ ᠠᠷᠠᠳ ᠤᠨ ᠲᠥᠯᠥᠭᠡ ᠬᠠᠤᠯᠢ

ᠪᠠᠷᠢᠬᠤ ᠠᠷᠭ᠎ᠠ ᠬᠡᠮᠵᠢᠶ᠎ᠡ ᠨᠢ ᠪᠣᠳᠠᠲᠠᠢ ᠪᠠᠶᠢᠵᠤ ᠂ ᠶᠡᠭᠡ

ᠲᠠᠯ᠎ᠠ ᠳᠤ ᠦᠢᠯᠡᠴᠢᠯᠡᠬᠦ ᠡᠭᠦᠷᠭᠡᠯᠡᠯ ᠢ ᠢᠯᠡᠷᠡᠭᠦᠯᠵᠦ ᠂ 

ᠠᠷᠠᠳ ᠤᠨ ᠲᠥᠯᠥᠭᠡ ᠬᠠᠤᠯᠢ ᠪᠠᠷᠢᠬᠤ ᠬᠠᠶᠢᠷ᠎ᠠ ᠰᠡᠳᠬᠢᠯᠭᠡ ᠶᠢ

ᠢᠯᠡᠷᠡᠭᠦᠯᠵᠦ ᠂ ᠲᠥᠪ ᠭᠤᠤᠯᠴᠢ ᠪᠠᠷ ᠬᠠᠤᠯᠢ ᠪᠠᠷᠢᠬᠤ

ᠬᠥᠭᠡᠭᠡᠴᠡᠯᠳᠦᠯ ᠢ ᠢᠯᠡᠷᠡᠭᠦᠯᠵᠦ ᠂ ᠲᠤᠭ ᠢ ᠥᠨᠳᠥᠷ

ᠮᠠᠨᠳᠤᠭᠤᠯᠤᠭᠰᠠᠨ ᠂ ᠬᠠᠤᠯᠢ ᠶᠢ ᠡᠷᠬᠢᠮᠯᠡᠨ ᠮᠣᠷᠠᠯ ᠢ

ᠰᠤᠷᠳᠠᠯᠴᠢᠯᠠᠬᠰᠠᠨ ᠂ ᠪᠣᠳᠠᠲᠠᠢ ᠶᠢ ᠡᠷᠬᠢᠮᠯᠡᠨ

ᠬᠡᠷᠡᠭᠵᠢᠭᠦᠯᠬᠦ ᠶᠢ ᠴᠢᠬᠤᠯᠠᠴᠢᠯᠠᠭᠰᠠᠨ ᠰᠠᠶᠢᠨ

ᠮᠡᠳᠡᠭᠦᠯᠦᠯᠲᠡ ᠪᠣᠯᠵᠠᠢ ᠭᠡᠵᠦ ᠦᠵᠡᠵᠡᠭᠡᠪᠡ ᠃    

 

 

          