| | 3 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠳᠤ ᠤᠷᠤᠯᠴᠠᠵᠥ ᠪᠠᠶᠢᠭ᠎ᠠ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ | ᠳᠤᠭᠤᠶᠢᠯᠠᠩ ᠬᠤᠪᠢᠶᠠᠭᠰᠠᠨ ᠬᠤᠷᠠᠯ ᠬᠢᠵᠦ ᠂ ᠶᠡᠭᠡ ᠬᠤᠷᠠᠯ ᠤᠨ | ᠡᠯ᠎ᠡ ᠵᠦᠢᠯ ᠤᠨ ᠰᠢᠢᠳᠪᠦᠷᠢ ᠶᠢᠨ ᠲᠥᠰᠥᠯ ᠢ ᠬᠢᠨᠠᠨ ᠵᠥᠪᠯᠡᠪᠡ | ᠃ | ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ | ᠴᠧᠩ ᠂ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ | ᠵᠥᠪᠯᠡᠭᠦ ᠳᠤ ᠣᠷᠣᠯᠴᠠᠵᠤ ᠂ ᠯᠢᠦ ᠱᠤᠸᠠᠩ ᠂ ᠵᠧᠩ ᠬᠤᠩ ᠹᠠᠨ | ᠳᠤᠭᠤᠶᠢᠯᠠᠩ ᠬᠤᠪᠢᠶᠠᠭᠰᠠᠨ ᠬᠤᠷᠠᠯ ᠢ ᠡᠷᠭᠢᠯᠡᠪᠡ ᠃ | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠰᠢᠢᠳᠪᠦᠷᠢ ᠶᠢᠨ ᠲᠥᠰᠥᠯ ᠂ 2022 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ᠶᠢᠨ | ᠲᠥᠰᠥᠯ ᠂ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ | ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠥᠪ ᠤᠨ ᠪᠠ | ᠣᠷᠣᠨ ᠨᠤᠲᠤᠭ ᠤᠨ ᠲᠥᠰᠥᠪ ᠤᠨ ᠲᠤᠬᠠᠢ ᠰᠢᠢᠳᠪᠦᠷᠢ ᠶᠢᠨ ᠲᠥᠰᠥᠯ | ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠂ | ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠢ | ᠬᠢᠨᠠᠨ ᠵᠥᠪᠯᠡᠪᠡ ᠃ | ᠬᠤᠷᠠᠯ ᠠᠴᠠ ᠂ ᠶᠡᠭᠡ ᠬᠤᠷᠠᠯ ᠤᠨ ᠬᠤᠭᠤᠴᠠᠭᠠᠨ ᠳᠤ ᠂ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ | ᠲᠥᠯᠥᠭᠡᠯᠡᠭᠴᠢᠳ ᠪᠠᠲᠤ ᠴᠢᠩᠭ᠎ᠠ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ | ᠰᠡᠳᠬᠢᠯᠭᠡ ᠪᠠᠷ ᠡᠯ᠎ᠡ ᠵᠦᠢᠯ ᠤᠨ ᠮᠡᠳᠡᠭᠦᠯᠦᠯᠲᠡ ᠂ ᠰᠠᠨᠠᠯ | ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ ᠂ | ᠠᠵᠢᠯᠲᠠᠨ ᠤ ᠶᠠᠪᠤᠳᠠᠯ ᠢ ᠶᠠᠷᠢᠯᠴᠠᠵᠤ ᠂ ᠶᠡᠭᠡ ᠬᠤᠷᠠᠯ ᠤᠨ | ᠤᠷᠤᠭᠰᠢᠲᠠᠢ ᠶᠠᠪᠤᠭᠳᠠᠬᠤ ᠪᠠ ᠲᠡᠭᠦᠰ ᠠᠮᠵᠢᠯᠲᠠ ᠣᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠲᠥᠯᠥᠭᠡᠯᠡᠭᠴᠢᠳ | ᠨᠡᠶᠢᠲᠡ 1 ᠬᠤᠪᠢ ᠰᠠᠨᠠᠯ ᠵᠥᠪᠯᠡᠯᠭᠡ ᠂ 116 ᠬᠤᠪᠢ ᠰᠠᠨᠠᠭᠤᠯᠭ᠎ᠠ | ᠳᠤᠷᠠᠳᠴᠤ ᠂ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠪᠡ ᠃ ᠲᠥᠯᠥᠭᠡᠯᠡᠭᠴᠢᠳ ᠶᠡᠭᠡ | ᠬᠤᠷᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠂ | ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠪᠠ | ᠨᠢᠭᠤᠴᠠ ᠶᠢ ᠬᠠᠮᠠᠭᠠᠯᠠᠬᠤ ᠠᠵᠢᠯ ᠤᠨ ᠲᠣᠭᠲᠠᠭᠠᠯ ᠢ ᠴᠢᠩᠭ᠎ᠠ | ᠵᠢᠷᠤᠮᠯᠠᠵᠤ ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠬᠤᠷᠠᠯ ᠳᠤ ᠣᠷᠣᠯᠴᠠᠵᠤ ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠭᠦᠮ ᠤᠨ ᠰᠠᠶᠢᠨ ᠰᠠᠶᠢᠬᠠᠨ ᠳᠦᠷᠢ | ᠲᠥᠷᠬᠦ ᠶᠢ ᠢᠯᠡᠷᠡᠭᠦᠯᠪᠡ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠰᠤᠷᠤᠯᠴᠠᠨ ᠤᠬᠠᠭᠤᠯᠵᠤ ᠂ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ | ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠣᠷᠣᠨ | ᠳᠠᠶᠠᠭᠠᠷ ᠤᠨ ᠮᠠᠰᠢ ᠴᠢᠬᠤᠯᠠ ᠠᠵᠢᠯ ᠮᠥᠨ ᠂ ᠲᠥᠯᠥᠭᠡᠯᠡᠭᠴᠢᠳ | ᠵᠠᠪᠠᠯ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠲᠤᠵᠤ ᠂ | ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠨ ᠂ | ᠬᠠᠷᠢᠭᠤᠴᠠᠯᠭ᠎ᠠ ᠪᠠᠨ ᠠᠵᠢᠯᠯᠠᠭ᠎ᠠ ᠳᠡᠭᠡᠷ᠎ᠡ ᠪᠠᠨ | ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠲᠦᠷᠦᠭᠦᠯᠡᠨ | ᠰᠤᠷᠤᠯᠴᠠᠨ ᠲᠤᠭᠤᠰᠢᠯᠠᠭᠤᠯᠵᠤ ᠂ ᠲᠦᠷᠦᠭᠦᠯᠡᠨ ᠤᠬᠠᠭᠤᠯᠵᠤ | ᠲᠠᠶᠢᠯᠪᠤᠷᠢᠯᠠᠵᠤ ᠂ ᠲᠦᠷᠦᠭᠦᠯᠡᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠦᠯᠢᠭᠡᠷ ᠳᠠᠭᠤᠷᠢᠶᠠᠯ ᠪᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | | |