ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/3/16
                         ᠸᠠᠩ ᠶᠢᠨ ᠪᠦᠦ    ᠡᠷᠬᠢᠨ    ᠰᠡᠴᠡᠩᠭᠤᠸ᠎ᠠ  ᠬᠤᠷᠠᠯ ᠳᠤ ᠣᠷᠣᠯᠴᠠᠵᠤ ᠪᠠᠶᠠᠷ ᠬᠦᠷᠭᠡᠪᠡ                          ᠶᠠᠨ ᠰᠢᠶᠣᠣ ᠶᠦᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠡ       ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠡᠬᠢᠯᠡᠪᠡ         ᠸᠠᠩ ᠶᠢᠨ ᠪᠦᠦ  ᠡᠷᠬᠢᠨ  ᠰᠡᠴᠡᠩᠭᠤᠸ᠎ᠠ  ᠬᠤᠷᠠᠯ ᠳᠤ ᠣᠷᠣᠯᠴᠠᠵᠤ ᠪᠠᠶᠠᠷ ᠬᠦᠷᠭᠡᠪᠡ           ᠶᠠᠨ ᠰᠢᠶᠣᠣ ᠶᠦᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠡ        1 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠪᠠᠶᠠᠨᠪᠤᠯᠠᠭ ᠪᠠᠯᠭᠠᠰᠤᠨ ᠳᠤ ᠡᠬᠢᠯᠡᠪᠡ᠃        1 ᠰᠠᠷ᠎ᠠ ᠶᠢᠨ 8 ᠤ ᠦᠳᠡ ᠶᠢᠨ ᠬᠤᠶᠢᠨ᠎ᠠ ᠶᠢᠨ 2 ᠴᠠᠭ 30 ᠮᠢᠨᠦ᠋ᠲ ᠲᠤ᠂ ᠤᠯᠤᠰ ᠲᠦᠷᠦ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠪᠠᠶᠠᠨᠪᠤᠯᠠᠭ ᠪᠠᠯᠭᠠᠰᠤᠨ ᠳᠤ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠡᠬᠢᠯᠡᠪᠡ᠃        ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ  ᠡᠷᠬᠢᠨ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃         1 ᠰᠠᠷ᠎ᠠ ᠶᠢᠨ 8 ᠤ ᠡᠳᠦᠷ᠂ ᠶᠠᠨ ᠰᠢᠶᠣᠣ ᠶᠦᠨ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠦ ᠪᠠᠶᠢᠭ᠎ᠠ ᠨᠢ᠃         ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠶᠠᠨ ᠰᠢᠶᠣᠣ ᠶᠦᠨ᠂  ᠠ᠊ ᠲᠤᠶᠠᠭ᠎ᠠ᠂  ᠵᠢᠷᠤᠮᠳᠤ᠂ ᠰᠡᠷᠭᠦᠯᠡᠩ᠂ ᠴᠧᠨ ᠪᠢᠨ ᠲᠡᠷᠢᠭᠦᠯᠡᠭᠴᠢ ᠶᠢᠨ ᠲᠠᠶᠢᠰᠠᠨ᠎ᠠ ᠰᠠᠭᠠᠲᠠᠪᠠ᠃        ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠰᠡᠴᠡᠩᠭᠤᠸ᠎ᠠ᠂  ᠮᠧᠩ ᠵᠢᠶᠦ᠋ᠨ᠂ ᠵᠦ ᠶᠢᠨ ᠽᠧ᠂  ᠠᠯᠳᠠᠨᠪᠤᠯᠠᠭ᠂ ᠨᠠᠷᠠᠰᠤ᠂ ᠸᠠᠩ ᠰᠢᠶᠣᠣ ᠶᠠᠨ᠂ ᠵᠦ  ᠹᠧᠩ᠂ ᠶᠢᠨ ᠳ᠋ᠦᠩ᠂ ᠬᠤᠤ ᠶᠣᠣ  ᠹᠧᠨ᠂ ᠸᠠᠩ ᠶᠠᠨ ᠪᠤᠢ᠃        ᠴᠧᠨ ᠪᠢᠨ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃        ᠲᠣᠰ ᠤᠳᠠᠭᠠᠨ ᠤ ᠬᠤᠷᠠᠯᠳᠤᠭᠠᠨ ᠳᠤ ᠣᠷᠤᠯᠴᠠᠬᠤ ᠶᠣᠰᠣᠲᠠᠢ ᠭᠡᠰᠢᠭᠦᠨ 115 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 93 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃        ᠶᠠᠨ ᠰᠢᠶᠣᠣ ᠶᠦᠨ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠬᠤᠶᠢᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠪᠡ᠃ ᠡᠩ ᠲᠡᠷᠢᠭᠦᠨ ᠳᠤ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠰᠢᠬᠢ ᠠᠵᠢᠯ ᠢ ᠡᠷᠭᠢᠴᠡᠭᠦᠯᠦᠨ ᠳ᠋ᠦᠩᠨᠡᠵᠡᠢ᠃ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠲᠤᠳᠬᠠᠵᠤ᠂ ᠳᠦᠷᠢᠮ ᠭᠤᠷᠢᠮ ᠢ ᠡᠷᠬᠢᠮᠯᠡᠨ᠂ ᠵᠢᠯᠣᠭᠤᠳᠤᠯᠭ᠎ᠠ ᠶᠢ ᠳᠠᠭᠠᠵᠤ᠂ ᠨᠠᠮ ᠤᠨ ᠬᠤᠷᠢᠶ᠎ᠠ ᠶᠢᠨ ᠶᠡᠷᠦᠩᠬᠡᠶᠢᠯᠡᠨ ᠵᠢᠯᠤᠭᠤᠳᠬᠤ ᠶᠢ ᠪᠥᠬᠦ ᠲᠠᠯ᠎ᠠ ᠪᠠᠷ ᠲᠣᠪᠤᠶᠢᠯᠭᠠᠨ᠂ ᠪᠥᠬᠦ ᠰᠢᠰᠲ᠋ᠧᠮ ᠢᠶᠠᠷ ᠢᠶᠠᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠥᠬᠦ ᠲᠠᠯ᠎ᠠ ᠪᠠᠷ ᠬᠠᠮᠤᠷᠤᠨ ᠰᠤᠷᠤᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠢᠯᠡ ᠲᠣᠳᠣ ᠪᠥᠭᠡᠳ ᠬᠦᠴᠦᠲᠡᠢ ᠪᠣᠯᠪᠠ︔ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠪᠠᠷ ᠠᠷᠭ᠎ᠠ ᠤᠬᠠᠭᠠᠨ ᠰᠦᠪᠡᠭᠴᠢᠯᠠᠨ ᠬᠦᠴᠦᠨ ᠴᠢᠳᠠᠯ ᠢᠶᠠᠨ ᠡᠷᠭᠦᠵᠦ᠂ ︽  ᠪᠦᠳᠤᠮᠵᠢᠳᠠᠢ᠂  ᠬᠦᠨᠵᠠᠬᠡᠢ᠂ ᠪᠣᠳᠠᠲᠠᠢ᠂ ᠣᠨᠣᠪᠴᠢᠲᠠᠶ᠂ ᠦᠨᠡᠨ︾ ᠪᠠᠷ ᠪᠥᠬᠦᠳᠡ ᠬᠤᠷᠠᠯ ᠤᠨ ᠵᠥᠪᠯᠡᠯᠭᠡ᠂ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠵᠥᠪᠯᠡᠯᠭᠡ᠂ ᠲᠤᠰᠬᠠᠢ ᠵᠥᠪᠯᠡᠯ ᠤᠨ ᠠᠵᠢᠯ ᠲᠥᠷᠥᠯ ᠤᠨ ᠵᠥᠪᠯᠡᠯᠭᠡ᠂ ᠡᠯ᠎ᠡ ᠲᠠᠰ ᠳᠠᠪᠬᠤᠷᠭ᠎ᠠ ᠶᠢᠨ ᠵᠥᠪᠯᠡᠯᠭᠡ ᠪᠠ ᠵᠥᠪᠯᠡᠬᠦ ᠬᠡᠯᠪᠡᠷᠢ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠦᠢᠯᠡᠳᠦᠯ ᠨᠠᠩ ᠲᠣᠪᠣᠶᠢᠮ᠎ᠠ ᠪᠣᠯᠪᠠ︔ ᠲᠤᠰᠬᠠᠢ ᠺᠤᠮᠢᠰ ᠪᠠ ᠤᠯᠤᠰ ᠲᠦᠷᠦ ᠶᠢᠨ ᠵᠥᠪᠯᠡᠯᠭᠡᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠰᠢᠨ᠎ᠡ ᠶᠢ ᠡᠭᠦᠳᠦᠨ ᠬᠦᠭᠵᠢᠯᠳᠠ ᠶᠢ ᠠᠬᠢᠭᠤᠯᠵᠤ᠂ ᠰᠠᠭᠤᠷᠢ ᠲᠠᠯᠪᠢᠬᠤ᠂ ᠨᠡᠷᠡᠳᠤ ᠲᠡᠮᠳᠡᠭᠲᠦ ᠶᠢ ᠪᠤᠢ ᠪᠣᠯᠭᠠᠬᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠲᠠᠯ᠎ᠠ ᠪᠠᠷ ᠰᠢᠨ᠎ᠡ ᠶᠢ ᠡᠭᠦᠳᠬᠦ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ᠂ ᠦᠨᠳᠦᠰᠦᠨ ᠱᠠᠲᠤᠨ ᠤ ᠵᠥᠪᠯᠡᠬᠦ ᠠᠮᠢᠳᠤᠯᠢᠭ ᠬᠦᠴᠦᠨ ᠢ ᠪᠠᠳᠠᠷᠠᠭᠤᠯᠬᠤ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠲᠠᠯ᠎ᠠ ᠪᠠᠷ ᠥᠩᠭᠡ ᠭᠢᠯᠪᠠᠭ᠎ᠠ ᠲᠠᠢ ᠪᠣᠯᠭᠠᠬᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ; ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ  ᠬᠦᠴᠤᠨ ᠨᠡᠮᠡᠷᠢᠯᠡᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠵᠣᠷᠢᠭᠲᠠᠢ ᠪᠠᠷ ᠪᠡᠷᠬᠡ ᠶᠢ ᠲᠤᠭᠤᠯᠤᠨ ᠪᠡᠷᠬᠡ ᠶᠢ ᠳᠠᠪᠠᠵᠤ᠂ ᠬᠠᠮᠵᠢᠯᠴᠠᠨ ᠰᠣᠯᠢᠯᠴᠠᠬᠤ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠬᠠᠯᠠᠭᠤᠨ ᠳᠤᠯᠠᠭᠠᠨ ᠢ ᠢᠳᠡᠪᠬᠢᠲᠡᠢ ᠪᠠᠷ ᠳᠠᠮᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠨᠥᠯᠥᠭᠡ ᠶᠢ ᠥᠷᠭᠡᠳᠬᠡᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ ᠠᠷᠭ᠎ᠠ ᠬᠡᠮᠵᠢᠶ᠎ᠡ ᠲᠣᠪᠣᠶᠢᠮ᠎ᠠ ᠦᠷ᠎ᠡ ᠪᠦᠲᠦᠮᠵᠢ ᠣᠯᠪᠠ ; ︽ᠵᠢᠱᠢᠶᠡᠴᠢ ᠪᠠᠶᠢᠭᠤᠯᠭ᠎ᠠ︾ ᠪᠠ ᠲᠡᠷᠢᠭᠦᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠦᠷᠭᠦᠯᠵᠢᠯᠡᠨ ᠬᠦᠴᠦᠯᠡᠵᠦ᠂ ᠴᠢᠳᠠᠪᠤᠷᠢ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠢᠯᠡᠷᠡᠭᠦᠯᠵᠦ᠂ ᠲᠣᠭᠲᠠᠴᠠ ᠪᠠᠨ ᠪᠦᠷᠢᠨᠰᠢᠭᠦᠯᠦᠨ᠂ ᠬᠠᠮᠢᠶᠠᠷᠤᠯᠲᠠ ᠪᠠᠨ ᠴᠢᠩᠭᠠᠳᠬᠠᠵᠤ᠂ ᠰᠤᠷᠲᠠᠯ ᠢᠶᠠᠨ ᠰᠠᠶᠢᠵᠢᠷᠠᠭᠤᠯᠤᠭᠰᠠᠨ ᠢᠶᠠᠷ ᠪᠠᠶᠢᠭᠤᠯᠭ᠎ᠠ ᠶᠢᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠴᠢᠩᠭᠠᠷᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠡᠳᠦᠷ ᠢᠷᠡᠬᠦᠶ᠎ᠡ ᠣᠷᠭᠢᠯᠵᠤ᠂ ᠺᠠᠳ᠋ᠷ ᠤᠨ ᠠᠵᠢᠯ ᠤᠨ ᠠᠮᠢᠳᠤᠯᠢᠭ ᠬᠦᠴᠦᠨ ᠪᠦᠲᠦᠮᠵᠢᠲᠡᠶ ᠪᠠᠷ ᠬᠥᠭᠵᠢᠨ᠂ ᠭᠡᠰᠢᠭᠦᠳ ᠤᠨ ᠡᠩᠨᠡᠭᠡ ᠪᠠ ᠤᠯᠤᠰ ᠲᠦᠷᠦ ᠶᠢᠨ ᠵᠦᠪᠯᠠᠯᠬᠡ ᠰᠢᠨ᠎ᠠ ᠳᠦᠷᠢ ᠲᠥᠷᠬᠦ ᠪᠠᠨ ᠢᠯᠡᠷᠡᠬᠦᠯᠪᠠ᠃        ᠢᠯᠡᠳᠬᠡᠯ ᠳᠤ ᠂ 2023 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨ᠎ᠡ ᠬᠤᠶᠢᠲᠤ ᠬᠤᠰᠢᠭᠤ  ᠶᠢ ᠳᠠᠬᠢᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠪᠠᠶᠢᠯᠳᠤᠬᠤ ᠪᠣᠳᠣᠯᠭ᠎ᠠ ᠶᠢᠨ ᠴᠢᠭᠯᠡᠯ ᠳᠤ ᠣᠮᠤᠭ ᠲᠡᠭᠦᠯᠳᠡᠷ ᠢᠶᠠᠷ ᠠᠯᠬᠤᠨ ᠣᠷᠣᠵᠤ᠂ ︽ᠭᠤᠷᠪᠠᠨ ᠰᠠᠭᠤᠷᠢᠨ ᠭᠠᠵᠠᠷ ᠭᠤᠷᠪᠠᠨ ᠵᠢᠱᠢᠶ᠎ᠡ ᠦᠵᠡᠭᠦᠯᠬᠦ ᠬᠤᠶᠠᠷ ᠦᠯᠢᠭᠡᠷ ᠳᠠᠭᠤᠷᠢᠶᠠᠯ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠠᠪᠤᠨ ︽ᠬᠤᠶᠠᠷ ᠳᠠᠬᠢᠨ ᠨᠡᠮᠡᠭᠳᠡᠭᠦᠯᠬᠦ︾᠂ ᠲᠠᠪᠤᠨ ︽ᠲᠤᠬᠳᠠᠬᠰᠠᠨ ᠨᠤᠷᠮ᠎ᠠ ᠠᠴᠠ ᠲᠠᠪᠠᠭ᠋ᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠢ ᠲᠠᠶᠢᠴᠢᠯᠠᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠪᠡ᠃        ᠢᠯᠡᠳᠬᠡᠯ ᠳᠤ᠂ 2023 ᠣᠨ ᠤ ᠠᠵᠢᠯ ᠢ ᠰᠠᠶᠢᠲᠤᠷ ᠬᠢᠬᠦ ᠳᠤ ᠲᠠᠪᠤᠨ ᠲᠠᠯ᠎ᠠ ᠠᠷᠪᠠᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠄ ᠰᠠᠭᠤᠷᠢᠨ ᠭᠠᠵᠠᠷ ᠢᠶᠠᠨ ᠪᠠᠬᠢᠵᠢᠭᠦᠯᠤᠨ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠰᠢᠨ᠎ᠡ ᠥᠨᠳᠥᠷᠴᠡ ᠶᠢ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠣᠯᠵᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠬᠤ ᠶᠢ ᠡᠷᠡᠰ ᠠᠬᠢᠭᠤᠯᠬᠤ ᠬᠡᠷᠡᠭᠲᠡᠢ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠪᠠᠴᠢᠮ ᠱᠠᠭᠠᠷᠳᠠᠭᠳᠠᠵᠤ ᠪᠠᠶᠢᠭ᠎ᠠ᠂ ᠬᠠᠮᠤᠭ ᠠᠴᠠ ᠴᠢᠬᠤᠯᠠ ᠠᠵᠢᠯ ᠢ ᠵᠥᠪᠳᠡᠯᠴᠡᠨ ᠤᠴᠢᠷ ᠶᠠᠪᠤᠳᠠᠯ ᠢ ᠪᠣᠳᠣᠯᠬᠢᠯᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠵᠤ ᠵᠥᠪᠳᠡᠯᠴᠡᠬᠦ ᠭᠦᠨᠴᠡ ᠶᠢ ᠤᠷᠲᠤᠳᠬᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠨ᠎ᠡ︔ ᠴᠢᠬᠤᠯᠠ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ᠰᠢᠨ᠎ᠡ ᠪᠠᠶᠢᠷᠢᠰᠢᠯ ᠢ ᠴᠢᠷᠮᠠᠶᠢᠨ ᠪᠣᠶ ᠪᠣᠯᠭᠠᠵᠤ᠂ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠢᠳᠡᠪᠬᠢ ᠬᠦᠴᠦᠨ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ︔ ᠤᠯᠤᠰ ᠲᠦᠷᠦ ᠶᠢᠨ ᠵᠦᠪᠯᠡᠯᠬᠡ ᠡᠷᠬᠡ ᠪᠠᠨ ᠰᠠᠶᠢᠲᠤᠷ ᠬᠡᠷᠡᠭᠯᠡᠵᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠰᠢᠨ᠎ᠡ ᠦᠷ᠎ᠡ ᠪᠦᠳᠤᠮᠵᠢ ᠭᠠᠷᠭᠠᠵᠤ᠂ ᠰᠠᠨᠠᠯ ᠳᠤᠷᠠᠳᠤᠯᠭ᠎ᠠ ᠳᠤ ᠰᠢᠨ᠎ᠡ ᠶᠢ ᠡᠭᠦᠳᠴᠦ ᠰᠢᠯᠢᠳᠡᠭ ᠢ ᠡᠭᠦᠳᠴᠦ᠂ ᠠᠷᠠᠳ ᠤᠨ ᠠᠮᠢᠳᠤᠷᠠᠯ ᠳᠤ ᠠᠩᠬᠠᠷᠤᠯ ᠲᠠᠯᠪᠢᠬᠤ ᠳᠠᠭᠠᠨ ᠴᠢᠳᠠᠮᠠᠭᠠᠢ ᠪᠠᠷ ᠠᠷᠭ᠎ᠠ ᠤᠬᠠᠭᠠᠨ ᠭᠠᠷᠭᠠᠵᠤ ᠴᠢᠳᠠᠮᠠᠭᠠᠢ ᠪᠠᠷ ᠠᠵᠢᠯᠯᠠᠨ᠎ᠠ ; ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢ ᠶᠢ ᠪᠠᠲᠤᠳᠬᠠᠵᠤ᠂ ᠭᠡᠰᠢᠭᠦᠳ ᠤᠨ ᠦᠢᠯᠡᠴᠢᠯᠡᠭᠡ ᠬᠠᠮᠢᠶᠠᠷᠤᠯᠲᠠ ᠪᠠ ᠪᠠᠶᠢᠭᠤᠯᠭ᠎ᠠ ᠶᠢᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃      ᠰᠡᠷᠬᠦᠯᠠᠩ ᠤᠯᠤᠰ ᠲᠦᠷᠤ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠪᠡ᠃       ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠬᠤᠰᠢᠭᠤᠨ ᠤ ᠤᠯᠤᠰ ᠳᠣᠶᠢᠷᠤ ᠶᠢᠨ ᠵᠦᠪᠯᠡᠯᠬᠡᠨ ᠤ ᠠᠷᠪᠠ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ ᠨᠠᠶᠢᠲᠠ 102 ᠬᠤᠪᠢ ᠰᠠᠨᠠᠯ ᠳᠤᠷᠠᠳᠤᠯᠭ᠎ᠠ ᠬᠤᠷᠢᠶᠠᠪᠠ᠃ ᠬᠢᠨᠠᠨ ᠪᠠᠶᠢᠴᠠᠭᠠᠬᠤ ᠪᠠᠷ ᠳᠠᠮᠵᠢᠭᠠᠳ 60 ᠬᠡᠷᠡᠭ ᠢ ᠬᠡᠷᠡᠭ ᠪᠣᠯᠭᠠᠨ ᠲᠠᠩᠰᠠᠯᠠᠵᠤ᠂ 12 ᠬᠡᠷᠡᠭ ᠢ  ᠨᠢᠬᠡᠳᠬᠡᠵᠤ᠂ 42  ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠯ  ᠤᠨ ᠬᠡᠷᠡᠭ ᠢ ᠰᠢᠯᠵᠢᠬᠦᠯᠤᠨ ᠰᠢᠢᠳᠪᠤᠷᠢᠯᠠᠪᠠ᠃ 2022 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠬᠠᠷᠢᠭᠤᠯᠲᠠ ᠥᠭᠴᠦ᠂ ᠰᠢᠢᠳᠪᠦᠷᠢᠯᠡᠨ ᠬᠠᠷᠢᠭᠤᠯᠲᠠ ᠥᠭᠭᠦᠭᠰᠡᠨ ᠨᠤᠷᠮ᠎ᠠ 100%᠂ ᠭᠡᠰᠢᠭᠦᠳ ᠤᠨ ᠰᠡᠳᠬᠢᠯ ᠬᠠᠨᠤᠮᠵᠢᠲᠠᠢ ᠪᠠᠶᠢᠬᠤ ᠨᠤᠷᠮ᠎ᠠ 90%᠂ ᠦᠨᠳᠦᠰᠦᠨ ᠳᠡᠭᠡᠨ ᠬᠠᠨᠤᠮᠵᠢᠲᠠᠢ ᠪᠠᠶᠢᠬᠤ ᠨᠤᠷᠮ᠎ᠠ 10% ᠳᠤ ᠬᠦᠷᠴᠡᠢ᠃ ᠨᠠᠷᠢᠨ ᠬᠢᠨᠠᠮᠠᠭᠠᠢ ᠰᠢᠢᠳᠪᠦᠷᠢᠯᠡᠬᠦ ᠪᠠᠷ ᠳᠠᠮᠵᠢᠭᠠᠳ᠂ ᠦᠯᠡᠮᠵᠢ ᠤᠯᠠᠨ ᠰᠠᠨᠠᠯ ᠰᠠᠨᠠᠭᠤᠯᠭ᠎ᠠ ᠶᠢ ᠭᠥᠯᠢᠶᠡᠨ ᠠᠪᠴᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠦᠯᠬᠢᠨ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠢᠯᠡᠷᠡᠭᠦᠯᠵᠦ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠬᠦ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠵᠢᠳᠬᠦᠯ ᠴᠢᠷᠮᠠᠶᠢᠯᠭ᠎ᠠ ᠪᠠᠨ ᠭᠦᠢᠴᠡᠳᠬᠡᠬᠦ ᠶᠢ ᠢᠯᠡᠷᠡᠭᠦᠯᠪᠡ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠶᠠᠨ ᠰᠢᠶᠣᠣ ᠶᠦᠨ ᠨᠥᠬᠦᠷ ᠤᠨ ᠳᠠᠭᠠᠭᠤᠯᠭ᠎ᠠ ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠪᠣᠯᠣᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠦᠯᠬᠦᠮᠳᠡᠯ ᠪᠠ ᠠᠷᠠᠳᠴᠢᠯᠠᠯ ᠤᠨ ᠬᠤᠶᠠᠷ ᠭᠤᠣᠯ ᠰᠡᠳᠦᠪ ᠢ ᠪᠠᠲᠤ ᠡᠵᠡᠮᠳᠡᠵᠦ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠴᠢᠬᠤᠯᠠ ᠦᠷ᠎ᠡ ᠪᠦᠲᠦᠮᠵᠢ ᠣᠯᠣᠭᠰᠠᠨ ᠪᠠᠶᠢᠨ᠎ᠠ᠃      2023 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠸᠠᠩ ᠶᠢᠨ ᠪᠦᠦ ᠭᠤᠷᠪᠠᠨ ᠰᠠᠨᠠᠯ ᠳᠤᠷᠠᠳᠴᠠᠢ᠄ ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠶᠢ ᠢᠯᠡᠷᠡᠭᠦᠯᠵᠦ᠂ ︽ᠬᠦᠴᠢᠷ ᠠᠰᠠᠭᠤᠳᠠᠯ︾ ᠲᠠᠢ ᠨᠢᠭᠲᠠ ᠤᠶᠠᠯᠳᠤᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠬᠠᠯᠠᠮᠰᠢᠯ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠠᠢ ᠶᠠᠪᠤᠳᠠᠯ ᠬᠢᠬᠦ ᠬᠡᠷᠡᠭᠲᠡᠢ᠃ ᠬᠤᠶᠠᠷ ᠲᠤ᠂ ᠪᠦᠯᠬᠦᠮᠳᠡᠨ ᠨᠢᠭᠲᠠᠷᠠᠵᠤ ᠬᠦᠴᠦ ᠪᠠᠨ ᠬᠠᠮᠲᠤᠳᠬᠠᠨ᠂ ᠬᠠᠮᠲᠤ ᠶᠢᠨ ᠲᠠᠨᠢᠯᠲᠠ ᠶᠢ  ᠨᠢᠭᠲᠠᠷᠠᠭᠤᠯᠬᠤ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠵᠤ᠂ ᠪᠦᠯᠬᠦᠮᠳᠡᠯ ᠢ ᠭᠦᠨᠵᠡᠭᠡᠶᠢᠷᠡᠭᠦᠯᠬᠦ ᠳᠡᠭᠡᠷ᠎ᠡ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠡᠶᠢᠯᠡᠮᠡᠯ ᠬᠦᠴᠦᠨ ᠢ ᠨᠢᠭᠲᠠᠷᠠᠭᠤᠯᠬᠤ ᠳᠡᠭᠡᠷ᠎ᠡ ᠦᠷ᠎ᠡ ᠪᠦᠲᠦᠮᠵᠢ ᠣᠯᠬᠤ ᠬᠡᠷᠡᠭᠲᠡᠢ᠃ ᠭᠤᠷᠪᠠ ᠳᠤ ᠤᠳᠤᠷᠢᠳᠬᠤ ᠪᠠᠭ ᠢᠶᠠᠨ ᠰᠢᠯᠢᠳᠡᠭᠵᠢᠭᠦᠯᠦᠨ ᠡᠩᠨᠡᠭᠡ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠠᠵᠤ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤᠮᠳᠠ ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ ᠶᠢ ᠢᠯᠡᠷᠡᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢᠨ ᠳᠠᠭᠠᠭᠤᠯᠤᠭᠴᠢ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢᠨ ᠲᠡᠮᠡᠴᠡᠭᠴᠢ᠂ ᠬᠤᠰᠢᠭᠤᠴᠢ ᠵᠢᠱᠢᠶᠡᠴᠢ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ  ᠬᠡᠪᠠ᠃        
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ