︽  ᠤᠶᠤᠨᠳᠤ ᠮᠠᠯᠵᠢᠯ ᠤᠨ ᠲᠠᠯᠠᠪᠠᠶ︾ ᠨᠢ ᠮᠠᠯᠴᠢᠳ ᠤᠨ ᠠᠮᠢᠳᠤᠷᠠᠯ ᠢ ︽  ᠤᠶᠤᠨ ᠴᠢᠳᠠᠪᠤᠷᠢᠴᠢ︾ ᠪᠣᠯᠭᠠᠪᠠ
ᠨᠡᠶᠢᠲᠡᠯᠡᠭᠰᠡᠨ ᠴᠠᠭ᠄
2023/3/20

        ᠤᠷᠠᠳ ᠤᠨ ᠬᠤᠶᠢᠳᠤ ᠬᠤᠰᠢᠭᠤ ᠤᠯᠠᠮᠵᠢᠯᠠᠯᠲᠤ ᠮᠠᠯᠵᠢᠯ ᠤᠨ ᠠᠷᠭ᠎ᠠ ᠬᠡᠯᠪᠡᠷᠢ ᠠᠴᠠ ᠴᠢᠯᠦᠭᠡᠯᠡᠵᠦ ᠣᠶᠤᠨᠴᠢ᠂ ᠨᠠᠷᠢᠨ ᠣᠨᠣᠪᠴᠢᠲᠠᠶ᠂

ᠲᠣᠭᠠᠴᠢᠯᠠᠯᠲᠠ ᠶᠢᠨ ᠴᠢᠭᠯᠡᠯ ᠳᠠᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ ᠪᠤᠢ᠃

        ᠦᠬᠡᠷ ᠬᠤᠨᠢ ᠲᠡᠵᠢᠭᠡᠬᠦ᠂ ᠬᠤᠷᠠᠭ᠎ᠠ ᠲᠣᠰᠴᠤ ᠬᠠᠮᠠᠭᠠᠯᠠᠬᠤ ᠁  ᠬᠡᠳ ᠣᠳᠣᠬᠠᠨ ᠳᠤ᠂ ᠮᠠᠯᠴᠢᠳ ᠤᠨ ᠨᠢᠭᠡ ᠵᠢᠯ ᠤᠨ ᠬᠠᠮᠤᠭ ᠤᠨ ᠶᠠᠭᠠᠷᠠᠯᠲᠠᠢ

ᠡᠳᠦᠷ  ᠪᠠᠶᠢᠭ᠎ᠠ ᠂ ᠭᠡᠪᠡᠴᠦ ᠤᠷᠠᠳ ᠤᠨ ᠬᠤᠶᠢᠲᠤ ᠬᠤᠰᠢᠭᠤᠨ ᠤ  ᠴᠤᠬᠠᠦ᠋ᠨᠳᠦᠷ ᠪᠠᠯᠭᠠᠰᠤᠨ ᠤ  ᠬᠠᠷᠠᠴᠢᠯᠠᠭᠤ ᠭᠠᠴᠠᠭᠠᠨ ᠤ ᠮᠠᠯᠴᠢᠨ ᠤᠳᠤᠨᠪᠢᠯᠢᠭ᠌ ᠴᠠᠭ

ᠢᠮᠠᠭᠲᠠ ᠪᠡᠯᠴᠢᠭᠡᠷ ᠢᠶᠠᠨ ᠰᠠᠬᠢᠭ᠎ᠠ ᠦᠭᠡᠢ᠂ ᠬᠠᠷᠢᠨ ᠭᠡᠷ ᠲᠡᠭᠡᠨ ᠰᠠᠭᠤᠨ ︽  ᠤᠶᠤᠨᠳᠤ ᠮᠠᠯᠵᠢᠯ ᠤᠨ ᠲᠠᠯᠠᠪᠠᠶ︾ ᠪᠠᠷ ᠬᠤᠨᠢ ᠮᠠᠯ ᠢᠶᠠᠨ ᠬᠠᠷᠢᠭᠤᠯᠵᠤ  ᠪᠠᠶᠢᠪᠠ᠂

ᠲᠡᠷᠡ ᠵᠥᠪᠬᠡᠨ ᠣᠶᠤᠨᠯᠢᠭ ᠲᠧᠯᠸᠢᠰ ᠂ ᠭᠠᠷ ᠤᠲᠠᠰᠤ ᠪᠠᠨ ᠨᠡᠭᠡᠭᠡᠵᠦ᠂ ᠬᠠᠷᠠᠭᠠᠨ ᠳᠠᠪᠲᠠᠮᠵᠢ  ᠶᠢᠨ ᠬᠢᠨᠠᠨ ᠡᠵᠡᠮᠳᠡᠬᠦ ᠴᠢᠳᠠᠮᠵᠢ ᠪᠠᠷ ᠦᠬᠡᠷ᠂  ᠠᠳᠤᠭᠤ᠂

ᠬᠤᠨᠢᠨ ᠰᠦᠷᠦᠭ ᠤᠨ ᠬᠥᠳᠡᠯᠦᠯ ᠪᠠᠶᠢᠳᠠᠯ ᠢᠶᠠᠨ ᠪᠠᠶᠢᠴᠠᠭᠠᠨ ᠦᠵᠡᠵᠦ᠂ ᠰᠢᠯᠵᠢᠮᠡᠯ ᠳᠠᠭᠠᠭᠤᠯᠢ ᠣᠲᠣ ᠶᠢᠨ ᠣᠷᠣᠨ ᠪᠠᠶᠢᠷᠢ ᠲᠤᠭᠳᠤᠭᠠᠭᠴᠢ ᠪᠠᠷ ᠮᠠᠯ ᠤᠨ

ᠠᠵᠢᠯᠯᠠᠭᠠᠨ ᠤ ᠵᠠᠮ ᠮᠥᠷ ᠢ ᠣᠨᠣᠪᠴᠢᠲᠠᠶ ᠲᠣᠭᠲᠠᠭᠠᠵᠤ ᠴᠢᠳᠠᠳᠠᠭ ᠪᠣᠯᠬᠤᠷ ᠣᠨᠴᠠᠭᠠᠶ ᠲᠥᠬᠦᠮ ᠪᠠᠶᠢᠳᠠᠭ᠃

       ᠤᠳᠤᠨᠪᠢᠯᠢᠭ᠌  ᠲᠠᠪᠢᠭᠠᠳ ᠠᠳᠤᠭᠤ᠂  ᠭᠤᠴᠢᠭᠠᠳ‌ᠦᠬᠡᠷ ᠵᠢᠴᠢ 300 ᠭᠠᠷᠤᠢ ᠬᠤᠨᠢ ᠲᠡᠵᠢᠭᠡᠵᠦ᠂ ᠡᠬᠡᠨᠡᠷ ᠨᠢ  ᠬᠤᠰᠢᠭᠤᠨ ᠲᠦᠪ ᠲᠤ ᠬᠡᠦᠬᠡᠳ 

 ᠢᠶᠠᠨ ᠬᠠᠷᠠᠵᠦ᠂   ᠭᠡᠷ  ᠤᠷᠤᠨ ᠤ ᠪᠠᠨ  ᠮᠠᠯ ᠠᠬᠤᠢ ᠪᠠᠨ ᠲᠤᠳᠤᠮᠳᠠᠵᠦ᠂  ᠬᠠᠰᠢᠶ᠎ᠠ ᠬᠤᠷᠢᠶ᠎ᠠ  ᠪᠠᠨ ᠴᠡᠪᠡᠷᠯᠡᠬᠦ ᠠᠵᠢᠯ ᠨᠢ ᠤᠳᠤᠨᠪᠢᠯᠢᠭ᠌   ᠤᠨ ᠮᠥᠷᠥᠨ

ᠳᠡᠭᠡᠷ᠎ᠡ ᠲᠠᠯᠪᠢᠭᠳᠠᠵᠠᠢ᠃ 9845 ᠮᠦ ᠪᠡᠯᠴᠢᠭᠡᠷ ᠲᠤ ᠡᠳᠦᠷ ᠪᠦᠷᠢ ᠮᠣᠲ᠋ᠣᠷ ᠤᠨᠤᠵᠤ ᠬᠠᠮᠤᠭ ᠴᠥᠭᠡᠨ ᠳᠡᠭᠡᠨ ᠬᠡᠳᠦ ᠤᠳᠠᠭ᠎ᠠ ᠶᠠᠪᠤᠵᠤ᠂ ᠵᠤᠨ ᠤ  ᠬᠠᠯᠠᠭᠤᠨ

ᠨᠠᠷᠠᠨ᠂ ᠡᠪᠦᠯ ᠤᠨ  ᠬᠠᠬᠢᠷ ᠬᠦᠢᠲᠡᠨ ᠢ ᠲᠤᠭᠤᠯᠠᠵᠦ ᠂ ᠬᠦᠨᠳᠦ ᠨᠦᠰᠡᠷ ᠲᠡᠵᠢᠭᠡᠨ ᠦᠷᠡᠵᠢᠭᠦᠯᠬᠦ ᠠᠵᠢᠯ ᠲᠡᠭᠦᠨ  ᠳᠤ ᠶᠡᠷᠦ ᠵᠠᠪ ᠴᠢᠯᠦᠬᠡ ᠦᠬᠡᠢ ᠪᠠᠶᠢᠪᠠ᠃

2022 ᠣᠨ ᠤ 10 ᠰᠠᠷ᠎ᠠ ᠳᠤ᠂ ᠣᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢᠨ ᠪᠦᠷᠬᠦᠯᠲᠡ ᠪᠠ ᠦᠢᠯᠡᠴᠢᠯᠡᠭᠡᠨ ᠤ ᠢᠨᠵᠧᠨᠧᠷᠢᠩ ᠢ  ᠬᠠᠷᠠᠴᠢᠯᠠᠭᠤ

ᠭᠠᠴᠠᠭ᠎ᠠ ᠳᠤ ᠬᠡᠷᠡᠭᠵᠢᠭᠦᠯᠦᠭᠰᠡᠨ ᠤ ᠳᠠᠷᠠᠭ᠎ᠠ᠂ ᠤᠳᠤᠨᠪᠢᠯᠢᠭ᠌  ᠤᠨ ᠭᠡᠷ ᠲᠤ ᠤᠲᠠᠰᠤ ᠦᠭᠡᠢ ᠰᠦᠯᠵᠢᠶ᠎ᠡ ᠶᠢᠨ ᠪᠦᠷᠬᠦᠯᠲᠡ ᠶᠢ ᠪᠡᠶᠡᠯᠡᠭᠦᠯᠪᠡ᠃ ᠭᠡᠷᠡᠯ ᠰᠢᠷᠬᠡᠭ ᠤᠨ

ᠥᠷᠭᠡᠨ ᠪᠦᠰᠡ  ᠶᠢᠨ ᠵᠠᠯᠭᠠᠯᠲᠠ ᠨᠢ ᠤᠳᠤᠨᠪᠢᠯᠢᠭ᠌   ᠤᠨ ᠭᠠᠳᠠᠨᠠᠬᠢ ᠲᠠᠢ ᠬᠠᠷᠢᠯᠴᠠᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠲᠤᠶᠢᠯᠪᠤᠷᠢᠲᠠᠢ

ᠨᠡᠪᠲᠡᠷᠡᠭᠦᠯᠵᠡᠢ᠂ ᠲᠡᠷᠡ ᠭᠡᠷ ᠲᠡᠭᠡᠨ ᠳᠦᠷᠰᠦ ᠰᠢᠩᠭᠡᠭᠡᠯᠲᠡ᠂ ᠰᠣᠨᠢᠨ ᠮᠡᠳᠡᠭᠡ ᠦᠵᠡᠵᠦ ᠪᠣᠯᠬᠤ ᠪᠥᠭᠡᠳ ᠰᠦᠯᠵᠢᠶ᠎ᠡ  ᠶᠢ ᠠᠰᠢᠭᠯᠠᠨ ᠳᠦᠷᠰᠦ ᠰᠢᠩᠭᠡᠭᠡᠯᠲᠡ  ᠶᠢ

ᠬᠢᠨᠠᠨ ᠡᠵᠡᠮᠳᠡᠬᠦ ᠲᠥᠬᠦᠭᠡᠷᠦᠮᠵᠢ ᠪᠠᠷ ᠳᠠᠮᠵᠢᠭᠤᠯᠤᠨ ᠥᠪᠡᠷ ᠤᠨ ᠮᠠᠯ ᠤᠨ ᠠᠵᠢᠯᠯᠠᠭ᠎ᠠ ᠵᠢᠴᠢ ᠨᠤᠲᠤᠭ ᠪᠡᠯᠴᠢᠭᠡᠷ ᠤᠨ ᠣᠷᠴᠢᠨ ᠲᠣᠭᠤᠷᠢᠨ  ᠢ ᠴᠠᠭ ᠲᠤᠬᠠᠢ ᠳᠤᠨᠢ

ᠪᠠᠶᠢᠴᠠᠭᠠᠨ ᠦᠵᠡᠵᠦ ᠪᠣᠯᠣᠨ᠎ᠠ᠃

         ︽ᠪᠢᠳᠡ ᠤᠶᠤᠨᠳᠤ ᠮᠠᠯᠵᠢᠯ ᠤᠨ ᠲᠠᠯᠠᠪᠠᠶ ᠶᠢᠨ ᠰᠢᠰᠲ᠋ᠧᠮ ᠢ ᠪᠠᠶᠢᠭᠤᠯᠤᠭᠰᠠᠨ ᠠᠴᠠ ᠬᠤᠶᠢᠰᠢ᠂ ᠪᠢᠳᠡ ᠡᠳᠦᠷ ᠡᠳᠦᠷ ᠮᠣᠲ᠋ᠣᠷ ᠤᠨᠤᠵᠤ ᠬᠤᠨᠢ

ᠦᠵᠡᠬᠦ ᠪᠠᠷ ᠭᠠᠷᠬᠤ ᠬᠡᠷᠡᠭ ᠦᠭᠡᠢ᠃ ᠭᠡᠷ ᠲᠡᠭᠡᠨ ᠰᠠᠭᠤᠭᠠᠳ ᠲᠧᠯᠸᠢᠰ ᠢᠶᠠᠨ ᠨᠡᠭᠡᠭᠡᠵᠦ  ᠦᠵᠡᠪᠡᠯ ᠬᠤᠨᠢ ᠮᠠᠯ ᠬᠠᠮᠢᠭ᠎ᠠ ᠪᠠᠶᠢᠬᠤ ᠶᠢ ᠣᠯᠵᠤ ᠬᠠᠷᠠᠨ᠎ᠠ᠂ 

ᠭᠠᠳᠠᠭᠰᠢ ᠭᠠᠷᠪᠠᠯ ᠭᠠᠷ ᠤᠲᠠᠰᠤᠨ ᠳᠡᠭᠡᠷ᠎ᠡ ᠠᠴᠠ ᠪᠠᠨ ᠭᠡᠷ ᠤᠷᠤᠨ ᠢᠶᠠᠨ ᠪᠦᠷ ᠣᠯᠵᠤ  ᠬᠠᠷᠠᠵᠦ ᠲᠠᠶᠢᠯᠦᠨ᠎ᠠ᠂ ᠡᠨᠡ ᠵᠢᠯ ᠥᠨᠳᠥᠷ ᠬᠦᠴᠦᠳᠡᠯᠲᠦ ᠴᠠᠬᠢᠯᠭᠠᠨ

ᠨᠢᠭᠡᠨᠲᠡ ᠵᠠᠯᠭᠠᠪᠠ᠂ ᠳᠠᠷᠠᠭ᠎ᠠ ᠠᠯᠬᠤᠮ ᠳᠤ ᠡᠨᠡ ᠬᠦ ᠣᠶᠤᠨᠴᠢ ᠲᠣᠭᠲᠠᠮᠠᠯ ᠳᠤᠯᠠᠭᠠᠨᠲᠤ ᠤᠰᠤᠨ ᠣᠩᠭᠤᠴᠠ ᠶᠢ ᠤᠳᠠᠯ ᠦᠭᠡᠢ ᠬᠡᠷᠡᠭᠯᠡᠬᠦ ᠪᠠᠷ ᠪᠠᠶᠢᠨ᠎ᠠ᠂᠂

ᠣᠶᠤᠨᠴᠢ ᠮᠠᠯᠵᠢᠯ ᠤᠨ ᠲᠠᠯᠠᠪᠠᠢ ᠮᠠᠨ ᠤ ᠮᠠᠯᠵᠢᠬᠤ ᠣᠷᠣᠨ ᠤ ᠠᠮᠢᠳᠤᠷᠠᠯ᠂ ᠮᠠᠯ ᠢ ᠬᠠᠷᠠᠭᠠᠯᠵᠠᠬᠤ᠂ ᠤᠤᠭᠤᠬᠤ ᠤᠰᠤ ᠬᠠᠳᠠᠭᠠᠯᠠᠬᠤ ᠵᠡᠷᠭᠡ ᠲᠠᠯ᠎ᠠ ᠪᠠᠷ ᠮᠠᠨ ᠤ

ᠲᠥᠯᠥᠭᠡ ᠪᠠᠭ᠎ᠠ ᠪᠤᠰᠤ ᠶᠠᠪᠤᠳᠠᠯ ᠢ ᠠᠷᠪᠢᠯᠠᠵᠠᠢ︾ᠭᠡᠵᠦ ᠤᠳᠤᠨᠪᠢᠯᠢᠭ᠌ ᠪᠠᠶᠠᠷᠲᠠᠢ  ᠬᠡᠯᠡᠵᠦ ᠪᠠᠶᠢᠪᠠ᠃

         ᠣᠳᠣᠬᠠᠨ ᠳᠤ᠂ ᠤᠷᠠᠳ ᠤᠨ ᠬᠤᠶᠢᠲᠤ ᠬᠤᠰᠢᠭᠤᠨ ᠤ ᠤᠯᠠᠮ ᠠᠴᠠ ᠤᠯᠠᠮ ᠣᠯᠠᠨ ᠮᠠᠯᠴᠢᠳ ᠤᠳᠤᠨᠪᠢᠯᠢᠭ᠌  ᠲᠠᠢ ᠠᠳᠠᠯᠢ ᠪᠠᠷ ︽  ᠤᠶᠤᠨᠳᠤ

ᠮᠠᠯᠵᠢᠯ ᠤᠨ ᠲᠠᠯᠠᠪᠠᠶ︾ ᠶᠢ ᠬᠡᠷᠡᠭᠯᠡᠵᠦ᠂ ᠲᠡᠳᠡᠨ ᠢ ᠤᠯᠠᠮᠵᠢᠯᠠᠯᠲᠤ ᠮᠠᠯᠵᠢᠯ ᠤᠨ ᠠᠷᠭ᠎ᠠ ᠬᠡᠯᠪᠡᠷᠢ ᠠᠴᠠ ᠴᠢᠯᠦᠭᠡᠯᠡᠵᠦ᠂ ᠥᠨᠳᠥᠷ ᠪᠦᠲᠦᠮᠵᠢᠲᠡᠶ ᠪᠠᠷ ᠣᠷᠣᠯᠭ᠎ᠠ ᠪᠠᠨ

ᠨᠡᠮᠡᠭᠳᠡᠭᠦᠯᠬᠦ ᠶᠢ ᠳᠠᠶᠢᠴᠢᠯᠠᠨ᠂ ᠤᠷᠠᠳ ᠤᠨ ᠬᠤᠶᠢᠲᠤ ᠬᠤᠰᠢᠭᠤᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠢ ᠤᠯᠠᠮᠵᠢᠯᠠᠯᠲᠤ᠂ ᠪᠦᠳᠦᠭᠦᠯᠢᠭ ᠬᠡᠯᠪᠡᠷᠢ ᠠᠴᠠ

ᠣᠶᠤᠨᠴᠢ᠂ ᠨᠠᠷᠢᠨ ᠣᠨᠣᠪᠴᠢᠲᠠᠶ᠂ ᠲᠣᠭᠠᠴᠢᠯᠠᠯᠲᠠ ᠶᠢᠨ ᠴᠢᠭᠯᠡᠯ ᠳᠠᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ ᠪᠠᠶᠢᠨ᠎ᠠ᠃

        ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠣᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠬᠠᠮᠤᠷᠬᠤ ᠪᠠ ᠣᠯᠠᠨ ᠨᠡᠶᠢᠲᠡ ᠶᠢᠨ ᠦᠢᠯᠡᠴᠢᠯᠡᠭᠡ ᠶᠢ

ᠡᠷᠦᠬᠡ ᠳᠤ ᠣᠷᠣᠭᠤᠯᠬᠤ ᠢᠨᠵᠧᠨᠧᠷᠢᠩ ᠪᠣᠯ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠣᠨ᠎ᠠ᠂ ︽ᠤᠲᠠᠰᠤ ᠲᠠᠢ + ᠤᠲᠠᠰᠤ ᠦᠭᠡᠢ︾

ᠪᠦᠷᠬᠦᠴᠡ ᠶᠢᠨ ᠠᠷᠭ᠎ᠠ ᠮᠠᠶ᠋ᠢᠭ ᠢ ᠠᠪᠴᠤ᠂ ᠣᠲᠣ ᠶᠢᠨ ᠪᠠᠶᠢᠭ᠎ᠠ ᠲᠡᠮᠦᠷ ᠰᠤᠪᠤᠷᠭ᠎ᠠ ᠶᠢ ᠲᠦᠷᠢᠶᠡᠰᠦᠯᠡᠨ ᠬᠡᠷᠡᠭᠯᠡᠬᠦ᠂ ᠥᠪᠡᠷ ᠢᠶᠠᠨ ᠲᠡᠮᠦᠷ ᠰᠤᠪᠤᠷᠭ᠎ᠠ ᠪᠠᠶᠢᠭᠤᠯᠬᠤ᠂

ᠲᠦᠷᠢᠶᠡᠰᠦᠯᠡᠨ ᠬᠡᠷᠡᠭᠯᠡᠬᠦ᠂ ᠨᠡᠮᠡᠵᠦ ᠡᠯᠭᠦᠬᠦ᠂ ᠥᠪᠡᠷ ᠢᠶᠠᠨ ᠭᠡᠷᠡᠯᠯᠢᠭ ᠳᠡᠭᠡᠰᠦ ᠲᠠᠲᠠᠬᠤ ᠵᠡᠷᠭᠡ ᠠᠷᠭ᠎ᠠ ᠮᠠᠶ᠋ᠢᠭ ᠢᠶᠠᠷ ᠠᠷᠤ ᠠᠭᠤᠯᠠ ᠶᠢᠨ ᠲᠠᠷᠠᠬᠠᠢ ᠪᠤᠲᠠᠷᠬᠠᠢ

ᠮᠠᠯᠵᠢᠬᠤ ᠡᠷᠦᠬᠡ ᠶᠢᠨ ᠰᠦᠯᠵᠢᠶᠡᠨ ᠤ ᠳᠣᠬᠢᠶ᠎ᠠ ᠶᠢ ᠪᠦᠷᠬᠦᠭᠦᠯᠬᠦ ᠶᠢ ᠪᠡᠶᠡᠯᠡᠭᠦᠯᠦᠨ᠎ᠡ᠃ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠮᠠᠯᠴᠢᠳ ᠣᠶᠤᠨᠯᠢᠭ ᠢᠶᠠᠷ

ᠮᠠᠯᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠠᠮᠢᠳᠤᠷᠠᠯ ᠢᠶᠠᠨ ᠨᠠᠩ

ᠣᠶᠤᠨᠴᠢᠯᠠᠭᠰᠠᠨ ᠪᠣᠯᠭᠠᠵᠤ᠂ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠬᠢᠨᠠᠨ ᠬᠡᠮᠵᠢᠯᠲᠡ ᠶᠢ ᠲᠣᠭᠠᠴᠢᠯᠠᠬᠤ᠂ ᠣᠶᠤᠨᠴᠢᠯᠠᠬᠤ᠂ ᠦᠵᠡᠭᠳᠡᠬᠦᠶᠢᠴᠡ ᠪᠣᠯᠭᠠᠬᠤ᠂

ᠥᠭᠰᠥᠨ ᠮᠥᠷᠳᠡᠬᠦ᠂ ᠪᠠᠷᠢᠮᠵᠢᠶᠠᠵᠢᠭᠤᠯᠬᠤ ᠶᠢ ᠪᠡᠶᠡᠯᠡᠭᠦᠯᠪᠡ᠃

                       

                              ᠲᠤᠩᠭᠠᠯᠠᠭ       ᠠᠯᠳᠠᠨᠰᠤᠪᠤᠳ

ᠢᠷᠡᠯᠲᠡ᠄ ᠲᠣᠲᠣᠷᠬᠠᠢ ᠦᠭᠡᠢ