ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ 2023 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24

       3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 3 ᠳ᠋ᠤᠭᠠᠷ ᠤᠳᠠᠭ᠎ᠠ ᠶᠢᠨ ᠵᠠᠰᠠᠭ ᠤᠨ

ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋

ᠳᠠᠷᠤᠭ᠎ᠠ ᠠᠯᠲᠠᠨᠪᠤᠯᠠᠭ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠨᠠᠷᠠᠰᠤ᠂ ᠹᠦ᠋ ᠯᠧᠢ᠂ ᠶᠠᠩ ᠰᠢᠦᠢ᠂  ᠪᠤᠯᠤᠳ᠂ ᠮᠠ ᠭᠤᠸᠠᠩ ᠳ᠋ᠢ᠂ ᠢᠦᠢ ᠰᠢᠨ

ᠬᠠᠢ ᠬᠤᠷᠠᠯ ᠳᠤ ᠣᠷᠣᠯᠴᠠᠵᠠᠢ᠃

        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ

ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠪᠣᠯ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ  ᠳᠤ ᠬᠤᠷᠠᠯᠳᠤᠭᠰᠠᠨ ᠨᠢᠭᠡ ᠤᠳᠠᠭ᠎ᠠ ᠶᠢᠨ

ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠂ ᠮᠦᠠᠴᠤ ᠨᠢᠭᠡ ᠤᠳᠠᠭ᠎ᠠ ᠶᠢᠨ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠲᠠᠯᠠᠭᠰᠠᠨ᠂ ᠡᠷᠡᠯᠬᠡᠭᠯᠡᠨ

ᠤᠷᠤᠭᠰᠢᠯᠠᠭᠰᠠᠨ ᠶᠡᠭᠡ ᠬᠤᠷᠠᠯ ᠪᠣᠯᠣᠨ᠎ᠠ᠃ ᠰᠢ ᠶᠢᠨ ᠫᠢᠩ ᠨᠥᠬᠦᠷ ᠳᠠᠬᠢᠨᠲᠠ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢᠳ ᠤᠨ ᠬᠠᠮᠲᠤ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ

 ᠢ ᠬᠠᠷᠠᠭᠤᠯᠤᠬᠰᠠᠨ ᠪᠠᠶᠢᠨ᠎ᠠ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ

ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭᠠᠨ ᠤ ᠵᠢᠯᠤᠭᠤᠳᠬᠤ ᠪᠠᠶᠢᠷᠢ ᠰᠠᠭᠤᠷᠢ ᠶᠢ ᠲᠣᠭᠲᠠᠭᠠᠬᠤ ᠨᠢ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ᠂ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠂ 

ᠯᠠᠪᠳᠠᠶᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ

ᠮᠠᠨᠳᠤᠯᠲᠠ ᠶᠢᠨ ᠰᠢᠨ᠎ᠡ ᠠᠶᠠᠨ ᠵᠠᠮ ᠳᠡᠭᠡᠷ᠎ᠡ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠶᠤᠮ᠃

        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ

ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ

ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠲᠠᠢ ᠨᠢᠭᠲᠠ ᠤᠶᠠᠯᠳᠤᠭᠤᠯᠵᠤ᠂ ᠭᠦᠨᠵᠡᠭᠡᠢ ᠰᠤᠷᠤᠯᠴᠠᠵᠤ᠂ ᠪᠦᠬᠦ

ᠲᠠᠯ᠎ᠠ ᠪᠠᠷ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠬᠤ᠂ ᠨᠠᠮ ᠤᠨ ᠲᠥᠪ ᠬᠤᠷᠢᠶᠠᠨ ᠤ ᠲᠣᠭᠲᠠᠭᠠᠯ ᠢ

ᠡᠷᠡᠰ ᠵᠢᠷᠤᠮᠯᠠᠨ ᠭᠦᠢᠴᠡᠳᠬᠡᠬᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂

ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ

ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾

 ᠶᠢ ᠡᠷᠡᠰ ᠪᠡᠶᠡᠯᠡᠭᠦᠯᠬᠦ ᠬᠡᠷᠡᠭᠲᠡᠢ᠃ᠵᠢᠯ ᠤᠨ ᠡᠬᠢᠨ ᠳᠤ ᠬᠤᠰᠢᠭᠤᠨ ᠤ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠵᠠᠰᠠᠭ ᠤᠨ

ᠣᠷᠳᠣᠨ ᠤ ᠠᠵᠢᠯ ᠤᠨ ᠢᠯᠡᠳᠬᠡᠯ ᠳᠤ ᠭᠠᠷᠭᠠᠭᠰᠠᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠡᠪ

ᠳᠠᠭᠤᠷᠢᠶᠠᠯ ᠢ ᠥᠨᠳᠥᠷ ᠪᠣᠯᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠭᠠᠷᠭᠠᠵᠤ᠂ ᠲᠥᠯᠥᠪᠯᠡᠭᠡ ᠶᠢ

ᠤᠷᠤᠭᠰᠢ ᠵᠢᠭᠰᠠᠭᠠᠵᠤ᠂ ᠠᠬᠢᠴᠠ ᠶᠢ ᠤᠷᠤᠭᠰᠢ ᠠᠬᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠳᠠᠷᠤᠯᠲᠠ ᠶᠢ ᠱᠠᠲᠤ ᠱᠠᠲᠤ ᠪᠠᠷ

ᠳᠠᠮᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠡᠮᠬᠢ ᠵᠢᠷᠤᠮ ᠲᠠᠢ ᠠᠬᠢᠭᠤᠯᠬᠤ ᠶᠢ

ᠪᠠᠲᠤᠯᠠᠬᠤ ᠬᠡᠷᠡᠭᠲᠡᠢ᠃

        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ