ᠬᠦᠬᠡᠴᠤ ᠰᠤᠮᠤ ᠭᠠᠴᠠᠭ᠎ᠠ ᠲᠤᠰᠬᠤᠨ ᠳᠤ ᠬᠠᠤᠯᠢ ᠪᠠᠷ ᠵᠠᠰᠠᠬᠤ ᠤᠬᠠᠭᠤᠯᠭ᠎ᠠ ᠦᠷᠨᠢᠬᠦᠯᠤᠨ ᠮᠠᠯᠴᠢᠳ ᠤᠨ ᠬᠠᠤᠯᠢ  ᠴᠠᠭᠠᠵᠠ ᠶᠢᠨ ᠤᠬᠠᠮᠰᠠᠷ ᠢ ᠲᠡᠬᠡᠭᠰᠢᠯᠠᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/4/10

      ᠣᠶᠢᠷ᠎ᠠ ᠳᠤ ᠬᠥᠭᠡᠴᠦ ᠰᠤᠮᠤᠨ ᠤ ᠬᠠᠤᠯᠢ ᠴᠠᠭᠠᠵᠠ ᠶᠢᠨ ᠭᠠᠵᠠᠷ ᠬᠥᠭᠡᠴᠦ ᠰᠤᠮᠤᠨ ᠤ ᠴᠢᠨᠳᠠᠮᠤᠨᠢ ᠭᠠᠴᠠᠭ᠎ᠠ ᠶᠢᠨ ᠴᠠᠭᠠᠨ ᠭᠤᠶᠣᠣ ᠲᠠᠷᠢᠬᠤ ᠰᠠᠭᠤᠷᠢᠨ 

ᠭᠠᠵᠠᠷ ᠤᠨ ᠠᠮᠢ ᠠᠬᠤᠢ ᠶᠢᠨ ᠲᠠᠷᠢᠮᠠᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ  ᠤᠨ ᠲᠣᠬᠢᠶᠠᠯ ᠢ ᠠᠰᠢᠭᠯᠠᠵᠤ᠂ ᠬᠠᠤᠯᠢᠵᠢᠯ ᠤᠨ ᠤᠬᠠᠭᠤᠯᠭ᠎ᠠ ᠶᠢ ᠬᠢᠪᠡ᠃

ᠲᠤᠬᠠᠢ ᠶᠢᠨ ᠲᠠᠯᠠᠪᠤᠷ ᠲᠤ ᠪᠠᠶᠢᠭᠰᠠᠨ ᠮᠠᠯᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ᠰᠢᠨ᠎ᠡ ᠪᠠᠷ

ᠵᠠᠰᠠᠪᠤᠷᠢ ᠣᠷᠣᠭᠤᠯᠤᠭᠰᠠᠨ ︽ᠲᠠᠷᠢᠶᠠᠯᠠᠩ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠢᠷᠭᠡᠨ ᠤ ᠬᠠᠤᠯᠢ ᠶᠢᠨ ᠪᠢᠴᠢᠭ︾ ᠲᠤ ᠬᠤᠯᠪᠣᠭᠳᠠᠭᠰᠠᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠰᠦᠯᠵᠢᠶᠡᠨ ᠤ ᠵᠢᠭᠡᠯᠡᠯᠭᠡ ᠶᠢᠨ ᠮᠡᠬᠡᠯᠡᠯ᠂

ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠵᠡᠷᠭᠡ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ

ᠠᠭᠤᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠤᠬᠠᠭᠤᠯᠭ᠎ᠠ ᠶᠢᠨ ᠮᠠᠲ᠋ᠧᠷᠢᠶᠠᠯ ᠢ 60 ᠭᠠᠷᠤᠢ ᠬᠤᠪᠢ ᠲᠠᠷᠬᠠᠭᠠᠵᠤ᠂ ᠮᠠᠯᠴᠢᠨ ᠲᠦᠮᠡᠨ ᠤ

ᠬᠠᠯᠠᠭᠤᠨ ᠬᠦᠷᠢᠶᠡᠯᠡᠯ ᠢ ᠣᠯᠪᠠ᠃

微信图片_20230410102042.jpg

微信图片_20230410102055.jpg

      ᠲᠣᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢ ᠭᠠᠴᠠᠭ᠎ᠠ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠮᠠᠯᠴᠢᠨ

ᠲᠦᠮᠡᠨ ᠤ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠲᠡᠭᠡᠭᠰᠢᠯᠡᠭᠦᠯᠵᠦ᠂

ᠮᠠᠯᠴᠢᠳ ᠢ ᠰᠡᠳᠬᠢᠯ ᠳᠡᠭᠡᠨ ᠬᠠᠤᠯᠢ ᠲᠠᠢ᠂ ᠦᠢᠯᠡ ᠠᠵᠢᠯᠯᠠᠭ᠎ᠠ ᠪᠠᠨ ᠬᠠᠤᠯᠢ ᠪᠠᠷ ᠪᠠᠷᠢᠶᠠᠮᠵᠢᠯᠠᠬᠤ ᠣᠶᠢᠯᠠᠭᠠᠭᠳᠠᠬᠤᠨ ᠲᠠᠢ ᠪᠣᠯᠭᠠᠬᠤ ᠳᠤ ᠴᠢᠬᠤᠯᠠ ᠦᠢᠯᠡᠳᠦᠯ

ᠦᠵᠡᠭᠦᠯᠦᠭᠰᠡᠨ ᠪᠠᠶᠢᠨ᠎ᠠ᠃

               ︵ᠤᠷᠠᠳ ᠤᠨ ᠬᠤᠶᠢᠳᠤ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ       ᠰᠤᠶᠤᠯᠭᠡᠷᠡᠯ︶

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ