ᠥᠪᠥᠷ ᠮᠣᠩᠭᠤᠯ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠡᠬᠢᠯᠡᠪᠡ
  
2023/4/16
  

         ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ

ᠠᠬᠤᠢ ᠶᠢᠨ ᠨᠡᠶᠢᠳᠡᠮ ᠪᠠᠶᠢᠴᠠᠭᠠᠯᠲᠠ ᠶᠢᠨ 

ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠡᠷᠦᠬᠡ ᠳᠤ

ᠣᠷᠣᠬᠤ ᠡᠬᠢᠯᠡᠯᠲᠡ ᠶᠢᠨ ᠶᠣᠰᠣᠯᠠᠯ ᠪᠤᠭᠤᠲᠤ ᠬᠤᠲᠠ ᠶᠢᠨ 

ᠬᠥᠨᠳᠡᠯᠡᠨ ᠲᠣᠭᠤᠷᠢᠭ ᠲᠤ ᠶᠠᠪᠤᠭᠳᠠᠪᠠ᠃ 

       ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ 

ᠨᠡᠶᠢᠳᠡᠮ  ᠪᠠᠶᠢᠴᠠᠭᠠᠯᠲᠠ ᠨᠢ ᠲᠣᠮᠣ ᠤᠯᠤᠰ ᠤᠨ ᠦᠨᠳᠦᠰᠦᠨ

ᠪᠠᠶᠢᠳᠠᠯ ᠢ ᠣᠶᠢᠯᠭᠠᠨ ᠲᠣᠳᠣᠯᠠᠬᠤ ᠂ ᠴᠢᠨᠠᠷ ᠰᠠᠶᠢᠲᠠᠢ

ᠬᠥᠭᠵᠢᠯᠲᠡ ᠶᠢᠨ ᠦᠷ᠎ᠡ ᠪᠦᠲᠦᠮᠵᠢ ᠶᠢ ᠦᠨᠡᠨ ᠪᠣᠳᠠᠲᠠᠢ ᠪᠥᠭᠡᠳ 

ᠣᠨᠣᠪᠴᠢᠲᠠᠢ ᠲᠤᠰᠬᠠᠬᠤ ᠴᠢᠬᠤᠯᠠ ᠡᠭᠦᠷᠭᠡ ᠶᠢ ᠡᠭᠦᠷᠭᠡᠯᠡᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ 

ᠰᠢᠨ᠎ᠡ ᠠᠶᠠᠨ ᠳᠤ ᠬᠢᠭᠰᠡᠨ ᠨᠢᠭᠡ ᠤᠳᠠᠭ᠎ᠠ ᠶᠢᠨ ᠤᠯᠤᠰ ᠤᠨ

ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ

ᠪᠣᠯᠣᠨ᠎ᠠ ᠂ ᠮᠥᠨ ᠴᠦ ᠨᠠᠮ ᠤᠨ ᠲᠥᠪ ᠬᠤᠷᠢᠶ᠎ᠠ᠂ ᠲᠦᠷᠦ ᠤᠨ 

ᠶᠠᠪᠤᠳᠠᠯ ᠤᠨ ᠬᠤᠷᠢᠶ᠎ᠠ ᠠᠴᠠ ᠲᠤᠭ᠎ᠠ ᠪᠦᠷᠢᠳᠬᠡᠯ ᠤᠨ

ᠰᠠᠯᠠᠭ᠎ᠠ ᠮᠥᠴᠢᠷ ᠲᠤ ᠣᠯᠭᠤᠭᠰᠠᠨ ᠴᠢᠬᠤᠯᠠ ᠡᠭᠦᠷᠭᠡ

ᠬᠠᠷᠢᠭᠤᠴᠠᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ

ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ 

ᠲᠠᠨᠢᠯᠴᠠᠭᠤᠯᠬᠤ ᠳᠤ ᠪᠠᠨ᠂ ᠶᠡᠷᠦᠩᠬᠡᠶᠢᠯᠡᠭᠰᠡᠨ

ᠲᠤᠷᠰᠢᠯᠲᠠ ᠤᠨ ᠴᠡᠭ ᠤᠨ ᠠᠵᠢᠯ ᠪᠣᠯ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢ ᠵᠢᠩᠬᠢᠨᠢ ᠪᠠᠷ ᠥᠷᠨᠢᠭᠦᠯᠬᠦ ᠠᠴᠠ

ᠡᠮᠦᠨᠡᠬᠢ ᠬᠠᠮᠤᠭ ᠰᠡᠭᠦᠯᠴᠢ ᠶᠢᠨ ᠨᠢᠭᠡ ᠤᠳᠠᠭᠠᠨ ᠤ 

ᠳᠠᠭᠤᠷᠢᠶᠠᠮᠠᠯ ᠪᠣᠳᠠᠲᠤ ᠠᠵᠢᠯᠯᠠᠭ᠎ᠠ ᠪᠠ ᠰᠣᠷᠢᠯᠲᠠ᠂

ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ

ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠯᠭᠠᠨ

ᠪᠠᠶᠢᠴᠠᠭᠠᠬᠤ ᠰᠢᠯᠭᠠᠭᠤᠷ ᠪᠣᠯᠣᠨ᠎ᠠ᠃ᠪᠥᠬᠦ ᠣᠷᠣᠨ ᠤ ᠡᠯ᠎ᠡ

ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ

ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠤᠨ

ᠴᠢᠬᠤᠯᠠ ᠴᠢᠨᠠᠷ ᠢ ᠭᠦᠢᠴᠡᠳ ᠲᠠᠨᠢᠵᠤ᠂ ᠨᠡᠶᠢᠳᠡᠮ

ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ

ᠠᠰᠠᠭᠤᠳᠠᠯ ᠢ ᠦᠨᠡᠨ ᠪᠣᠳᠠᠲᠠᠢ ᠪᠠᠷ ᠳ᠋ᠦᠩᠨᠡᠨ ᠵᠠᠳᠠᠯᠵᠤ᠂

ᠠᠰᠠᠭᠤᠳᠠᠯ ᠢ ᠰᠶᠢᠳᠪᠦᠷᠢᠯᠡᠬᠦ ᠠᠷᠭ᠎ᠠ ᠶᠢ ᠢᠳᠡᠪᠬᠢᠲᠡᠢ ᠪᠠᠷ

ᠰᠦᠪᠡᠭᠴᠢᠯᠡᠨ᠂ ᠠᠵᠢᠯ ᠤᠨ ᠬᠤᠭᠤᠴᠠᠭ᠎ᠠ ᠶᠢ ᠤᠯᠠᠮ ᠨᠢᠭᠡ

ᠠᠯᠬᠤᠮ ᠲᠣᠩᠭᠤᠷᠠᠭᠤᠯᠤᠨ ᠵᠢᠭᠰᠠᠭᠠᠵᠤ ᠂ ᠠᠵᠢᠯ ᠤᠨ ᠵᠢᠷᠤᠭ

ᠲᠥᠯᠥᠪᠯᠡᠭᠡ ᠡᠯᠭᠦᠨ ᠠᠵᠢᠯᠯᠠᠬᠤ ᠶᠢᠨ ᠬᠠᠮᠲᠤ ᠠᠵᠢᠯ ᠤᠨ

ᠪᠣᠳᠠᠲᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠪᠠᠨ ᠪᠥᠬᠦ

ᠲᠠᠯ᠎ᠠ ᠪᠠᠷ ᠳ᠋ᠦᠩᠨᠡᠵᠦ᠂ ᠪᠥᠬᠦ ᠴᠤᠪᠤᠷᠠᠯ ᠤᠨ 

ᠳᠠᠭᠤᠷᠢᠶᠠᠮᠠᠯ ᠠᠵᠢᠯᠯᠠᠭ᠎ᠠ ᠪᠠ ᠰᠣᠷᠢᠯᠲᠠ ᠪᠠᠷ

ᠳᠠᠮᠵᠢᠭᠤᠯᠤᠨ ᠪᠥᠬᠦ ᠲᠠᠯ᠎ᠠ ᠪᠠᠷ ᠰᠢᠯᠭᠠᠨ ᠲᠤᠷᠰᠢᠵᠤ ᠂ 

ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠤᠨ 

ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ

ᠪᠡᠶᠡᠯᠡᠭᠦᠯᠵᠦ᠂ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢ ᠤᠷᠤᠭᠰᠢᠲᠠᠢ ᠥᠷᠨᠢᠭᠦᠯᠬᠦ ᠳᠤ 

ᠪᠦᠲᠦᠮᠵᠢᠲᠡᠢ ᠠᠷᠭ᠎ᠠ ᠵᠠᠮ ᠡᠷᠢᠯᠬᠢᠯᠡᠬᠦ ᠬᠡᠷᠡᠭᠲᠡᠢ ᠭᠡᠵᠡᠢ ᠃ 

      ᠣᠶᠢᠯᠠᠭᠠᠭᠰᠠᠨ ᠢᠶᠠᠷ᠂ ᠲᠤᠷᠰᠢᠯᠲᠠ ᠶᠢᠨ ᠴᠡᠭ ᠤᠨ ᠠᠵᠢᠯ ᠢ

ᠥᠷᠨᠢᠭᠦᠯᠬᠦ ᠭᠤᠣᠯ ᠵᠣᠷᠢᠯᠭ᠎ᠠ ᠪᠣᠯ ᠲᠠᠪᠤᠳᠤᠭᠠᠷ ᠤᠳᠠᠭᠠᠨ ᠤ

ᠪᠥᠬᠦ ᠤᠯᠤᠰ ᠤᠨ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢᠨ ᠲᠥᠰᠥᠯ ᠤᠨ ᠰᠢᠨᠵᠢᠯᠡᠬᠦ ᠤᠬᠠᠭᠠᠨᠴᠢ

ᠴᠢᠨᠠᠷ ᠪᠠ ᠪᠣᠯᠣᠮᠵᠢᠲᠤ ᠴᠢᠨᠠᠷ ᠢ ᠰᠢᠯᠭᠠᠨ ᠂ ᠨᠡᠶᠢᠳᠡᠮ

ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ

ᠠᠵᠢᠯ ᠤᠨ ᠲᠤᠷᠰᠢᠯᠭ᠎ᠠ ᠶᠢ ᠬᠤᠷᠠᠮᠳᠤᠭᠤᠯᠵᠤ ᠂ ᠨᠡᠶᠢᠳᠡᠮ

ᠪᠠᠶᠢᠴᠠᠭᠠᠯᠲᠠ ᠶᠢᠨ ᠲᠥᠰᠥᠯ ᠢ ᠤᠯᠠᠮ ᠨᠢᠭᠡ ᠠᠯᠬᠤᠮ

ᠰᠠᠶᠢᠵᠢᠷᠠᠭᠤᠯᠤᠨ ᠲᠡᠭᠦᠯᠳᠡᠷᠵᠢᠭᠦᠯᠬᠦ ᠶᠢᠨ ᠲᠥᠯᠥᠭᠡ ᠶᠤᠮ᠃

ᠠᠵᠢᠯ ᠤᠨ ᠲᠣᠬᠢᠷᠠᠭᠤᠯᠤᠯᠲᠠ ᠶᠣᠰᠣᠭᠠᠷ ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠢ ᠪᠠᠭᠲᠠᠭᠠᠭᠰᠠᠨ ᠪᠥᠬᠦ

ᠤᠯᠤᠰ ᠤᠨ ᠨᠡᠶᠢᠳᠡᠮ ᠪᠠᠶᠢᠴᠠᠭᠠᠯᠲᠠ ᠶᠢᠨ 

ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠪᠣᠯᠬᠤ 6 ᠮᠤᠵᠢ᠂ 

ᠥᠪᠡᠷᠲᠡᠭᠡᠨ ᠵᠠᠰᠠᠬᠤ ᠣᠷᠣᠨ᠂ ᠬᠤᠲᠠ ᠎ ᠨᠢ 5 ᠳ᠋ᠤᠭᠠᠷ 

ᠰᠠᠷ᠎ᠠ ᠶᠢᠨ 25᠎ ᠤ ᠡᠳᠦᠷ ᠠᠴᠠ ᠡᠮᠦᠨ᠎ᠡ ᠲᠤᠷᠰᠢᠯᠲᠠ ᠶᠢᠨ 

ᠴᠡᠭ ᠤᠨ ᠠᠵᠢᠯ ᠤᠨ ᠳ᠋ᠦᠩᠨᠡᠯᠲᠡ ᠪᠠᠨ ᠲᠥᠷᠥ ᠶᠢᠨ 

ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ

ᠮᠥᠴᠢᠷ ᠲᠤ ᠮᠡᠳᠡᠭᠦᠯᠦᠨ᠎ᠡ ᠃    

 

 

          