ᠪᠠᠶᠠᠨᠨᠠᠭᠤᠷ ᠬᠤᠲᠠ ᠥᠨᠥᠴᠢᠨ ᠬᠡᠦᠬᠡᠳ ᠪᠠ ᠦᠨᠡᠨ ᠪᠣᠳᠠᠲᠠᠢ ᠪᠠᠷ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠪᠡ
  
2023/4/2

         ᠥᠨᠥᠴᠢᠨ ᠬᠡᠦᠬᠡᠳ ᠪᠠ ᠦᠨᠡᠨ ᠪᠣᠳᠠᠲᠠᠢ ᠪᠠᠷ ᠠᠰᠠᠷᠠᠨ

ᠲᠡᠵᠢᠭᠡᠬᠦ ᠬᠥᠮᠥᠨ ᠦᠭᠡᠢ ᠬᠡᠦᠬᠡᠳ ᠤᠨ ᠬᠠᠤᠯᠢ ᠶᠣᠰᠣᠨ ᠤ ᠡᠷᠬᠡ

ᠠᠰᠢᠭ ᠢ ᠦᠨᠡᠨ ᠬᠦ ᠪᠠᠲᠤᠯᠠᠨ ᠂ ᠥᠨᠥᠴᠢᠨ ᠬᠡᠦᠬᠡᠳ ᠪᠠ ᠦᠨᠡᠨ

ᠪᠣᠳᠠᠲᠠᠢ ᠪᠠᠷ ᠠᠰᠠᠷᠠᠨ ᠲᠡᠵᠢᠭᠡᠬᠦ ᠬᠥᠮᠥᠨ ᠦᠭᠡᠢ

ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ

ᠪᠠᠲᠤᠯᠠᠵᠤ ᠂ ᠨᠢᠭᠦᠯᠡᠰᠦᠩᠭᠦᠢ ᠦᠢᠯᠡᠰ ᠤᠨ ᠠᠪᠤᠷᠠᠨ

ᠲᠤᠰᠠᠯᠠᠬᠤ ᠨᠡᠶᠢᠭᠡᠮ ᠤᠨ ᠪᠠᠲᠤᠯᠠᠭ᠎ᠠ ᠶᠢᠨ ᠴᠢᠳᠠᠪᠬᠢ ᠶᠢ

ᠭᠦᠢᠴᠡᠳ ᠪᠠᠳᠠᠷᠠᠭᠤᠯᠬᠤ ᠶᠢᠨ ᠲᠥᠯᠥᠭᠡ ᠂ ᠪᠠᠶᠠᠨᠨᠠᠭᠤᠷ

ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ 

ᠬᠤᠳᠠ ᠶᠢᠨ ᠨᠢᠭᠦᠯᠡᠰᠦᠩᠭᠦᠢ ᠦᠢᠯᠡᠰ ᠤᠨ ᠬᠤᠯᠪᠣᠭᠠᠲᠤ

ᠬᠤᠷᠠᠯ ᠲᠠᠢ ᠬᠤᠯᠪᠤᠭᠠᠯᠠᠨ ᠪᠦᠬᠦ ᠬᠤᠳᠠ ᠶᠢᠨ 352

ᠥᠨᠥᠴᠢᠨᠬᠡᠦᠬᠡᠳ ᠪᠠ ᠦᠨᠡᠨ ᠪᠣᠳᠠᠲᠠᠢ ᠪᠠᠷ ᠠᠰᠠᠷᠠᠨ

ᠲᠡᠵᠢᠭᠡᠬᠦ ᠬᠥᠮᠥᠨ ᠦᠭᠡᠢ ᠬᠡᠦᠬᠡᠳ ᠲᠤ ᠬᠤᠳᠠᠯᠳᠤᠭᠠᠨ ᠤ

ᠳᠠᠭᠠᠳᠬᠠᠯ ᠬᠤᠳᠠᠯᠳᠤᠨ ᠠᠪᠴᠤ ᠥᠭᠴᠡᠢ ᠃  

        ᠲᠤᠰ ᠤᠳᠠᠭᠠᠨ ᠤ ᠬᠤᠳᠠᠯᠳᠤᠭᠠᠨ ᠤ ᠳᠠᠭᠠᠳᠬᠠᠯ ᠬᠤᠳᠠᠯᠳᠤᠨ

ᠠᠪᠬᠤ ᠵᠠᠷᠤᠳᠠᠯ ᠢ ᠬᠤᠲᠠ ᠶᠢᠨ ᠨᠢᠭᠦᠯᠡᠰᠦᠩᠭᠦᠢ ᠦᠢᠯᠡᠰ ᠤᠨ 

ᠬᠤᠯᠪᠣᠭᠠᠲᠤ ᠬᠤᠷᠠᠯ ᠠᠴᠠ ᠪᠦᠬᠦᠨ ᠢ ᠳᠠᠭᠠᠭᠠᠵᠤ᠂ ᠳᠤᠮᠳᠠᠳᠤ

ᠤᠯᠤᠰ ᠤᠨ ᠠᠷᠠᠳ ᠤᠨ ᠳᠠᠭᠠᠳᠬᠠᠯ ᠤᠨ ᠺᠣᠮᠫᠠᠨᠢ ᠠᠴᠠ 

ᠳᠠᠭᠠᠭᠠᠴᠢᠯᠠᠨ ᠳᠠᠭᠠᠳᠬᠠᠯ ᠳᠤ ᠣᠷᠣᠭᠤᠯᠵᠤ ᠂ 

ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠰᠠᠨᠠᠭᠠᠨ ᠳᠤ

ᠦᠭᠡᠢ ᠦᠬᠦᠯ ᠰᠢᠷᠬᠠᠲᠤᠯ ᠂ ᠰᠠᠨᠠᠭᠠᠨ ᠳᠤ ᠦᠭᠡᠢ ᠡᠮᠴᠢᠯᠡᠭᠡ ᠂ 

ᠰᠠᠨᠠᠭᠠᠨ ᠳᠤ ᠦᠭᠡᠢ ᠡᠮᠨᠡᠯᠭᠡ ᠳᠤ ᠰᠠᠭᠤᠭᠰᠠᠨ ᠨᠡᠮᠡᠯᠭᠡ 

ᠮᠥᠩᠭᠦ ᠂ ᠰᠠᠨᠠᠭᠠᠨ ᠳᠤ ᠦᠭᠡᠢ ᠶᠠᠰᠤ ᠪᠡᠷᠲᠡᠯ ᠤᠨ ᠨᠡᠮᠡᠯᠭᠡ 

ᠮᠥᠩᠭᠦ ᠂ ᠭᠡᠨᠡᠳᠲᠡ ᠶᠢᠨ ᠲᠦᠷᠭᠡᠨ ᠴᠢᠨᠠᠷᠲᠠᠢ

ᠡᠪᠡᠳᠴᠢᠨ ᠢᠶᠠᠷ ᠨᠠᠰᠤ ᠪᠠᠷᠠᠭᠰᠠᠨ ᠂ ᠢᠳᠡᠭᠡᠨ ᠤ

ᠬᠤᠣᠷᠳᠠᠯᠭ᠎ᠠ ᠪᠠᠷ ᠨᠠᠰᠤ ᠪᠠᠷᠠᠭᠰᠠᠨ ᠂ ᠵᠡᠮᠳᠡᠭ ᠪᠣᠯᠤᠭᠰᠠᠨ ᠂ 

ᠢᠳᠡᠭᠡᠨ ᠤ ᠬᠤᠣᠷᠳᠠᠯᠭ᠎ᠠ ᠶᠢᠨ ᠡᠮᠴᠢᠯᠡᠭᠡ ᠵᠡᠷᠭᠡ ᠤᠯᠠᠨ

ᠲᠠᠯ᠎ᠠ ᠳᠤ ᠬᠤᠯᠪᠣᠭᠳᠠᠵᠤ ᠂ ᠳᠠᠭᠠᠳᠬᠠᠯ ᠤᠨ ᠬᠤᠭᠤᠴᠠᠭ᠎ᠠ ᠨᠢ

ᠨᠢᠭᠡ ᠵᠢᠯ ᠪᠠᠶᠢᠵᠤ ᠂ ᠬᠠᠮᠤᠭ ᠤᠨ ᠥᠨᠳᠥᠷ ᠳᠠᠭᠠᠳᠬᠠᠯ ᠤᠨ

ᠲᠥᠯᠥᠪᠦᠷᠢ ᠶᠢᠨ ᠵᠣᠭᠤᠰ ᠤᠨ ᠲᠤᠭ᠎ᠠ ᠨᠢ 12 ᠲᠦᠮᠡᠨ ᠲᠥᠭᠦᠷᠢᠭ

ᠪᠣᠯᠣᠨ᠎ᠠ ᠃

       ᠳᠠᠭᠠᠳᠬᠠᠯ ᠤᠨ ᠲᠤᠰᠠᠯᠠᠮᠵᠢ ᠶᠢᠨ ᠲᠥᠷᠥᠯ ᠵᠦᠢᠯ ᠢ

ᠥᠷᠨᠢᠭᠦᠯᠬᠦ ᠪᠣᠯ ᠪᠠᠶᠠᠨᠨᠠᠭᠤᠷ ᠬᠤᠲᠠ ᠶᠢᠨ ᠬᠦᠴᠢᠷᠳᠡᠯ ᠳᠤ

ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠠᠵᠢᠯ ᠳᠤ 

ᠰᠢᠨ᠎ᠡ ᠶᠢ ᠡᠭᠦᠳᠦᠨ ᠰᠦᠪᠡᠭᠴᠢᠯᠡᠯᠲᠠ ᠬᠢᠭᠰᠡᠨ ᠨᠢᠭᠡ

ᠤᠳᠠᠭᠠᠨ ᠤ ᠰᠢᠨ᠎ᠡ ᠣᠷᠣᠯᠳᠣᠯᠭ᠎ᠠ ᠮᠥᠨ ᠃ ᠡᠭᠦᠨ ᠤ

ᠵᠣᠷᠢᠯᠭ᠎ᠠ ᠨᠢ ᠨᠢᠭᠦᠯᠡᠰᠦᠩᠭᠦᠢ ᠦᠢᠯᠡᠰ ᠤᠨ ᠨᠡᠶᠢᠲᠡ ᠶᠢᠨ

ᠠᠰᠠᠷᠠᠮᠵᠢ ᠪᠠᠷ ᠳᠣᠷᠣᠢ ᠪᠠᠭᠤᠷᠠᠢ ᠬᠡᠦᠬᠡᠳ ᠲᠤ ᠨᠠᠩ ᠰᠠᠶᠢᠨ 

ᠠᠰᠢᠭ ᠬᠦᠷᠲᠡᠭᠡᠵᠦ ᠂ ᠥᠨᠥᠴᠢᠨ ᠬᠡᠦᠬᠡᠳ ᠂ ᠦᠨᠡᠨ

ᠪᠣᠳᠠᠲᠠᠢ ᠪᠠᠷ ᠠᠰᠠᠷᠠᠨ ᠲᠡᠵᠢᠭᠡᠬᠦ ᠬᠥᠮᠥᠨ ᠦᠭᠡᠢ

ᠬᠡᠦᠬᠡᠳ ᠲᠤ ᠡᠭᠦᠰᠴᠦ ᠮᠡᠳᠡᠬᠦ ᠶᠡᠭᠡ ᠬᠡᠮᠵᠢᠶᠠᠨ ᠤ ᠡᠮ

ᠡᠮᠨᠡᠯᠭᠡ ᠶᠢᠨ ᠵᠠᠷᠤᠳᠠᠯ ᠪᠠ ᠰᠠᠨᠠᠭᠠᠨ ᠳᠤ ᠦᠭᠡᠢ ᠰᠢᠷᠬᠠᠲᠤᠯ 

ᠭᠡᠮᠲᠦᠯ ᠤᠨ ᠳᠠᠷᠤᠭᠠᠰᠤ ᠶᠢ ᠬᠥᠩᠭᠡᠷᠡᠭᠦᠯᠵᠦ ᠂ ᠳᠣᠷᠣᠢ

ᠪᠠᠭᠤᠷᠠᠢ ᠬᠡᠦᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ

ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ ᠶᠤᠮ ᠃    

 

 

          