ᠤᠷᠠᠳ ᠤᠨ ᠬᠤᠶᠢᠲᠤ ᠬᠤᠰᠢᠭᠤᠨ ᠤ ᠬᠥᠭᠡᠴᠦ ᠰᠤᠮᠤ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠮᠡᠳᠡᠯᠭᠡ ᠶᠢ ​ᠤᠬᠠᠭᠤᠯᠤᠨ ᠲᠦᠭᠡᠮᠡᠯᠵᠢᠭᠦᠯᠬᠦ  ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2023/4/23

         ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠬᠥᠭᠡᠴᠦ ᠰᠤᠮᠤᠨ ᠤ ᠬᠠᠤᠯᠢ ᠴᠠᠭᠠᠵᠠ ᠶᠢᠨ ᠭᠠᠵᠠᠷ᠂ ᠰᠤᠮᠤᠨ  ᠤ ᠬᠠᠤᠯᠢ ᠬᠡᠷᠡᠭᠵᠢᠭᠦᠯᠬᠦ

ᠲᠣᠪᠴᠢᠶ᠎ᠠ ᠲᠠᠢ ᠬᠠᠮᠲᠤ ᠪᠠᠷ ᠠᠭᠤᠷᠬᠠᠢ ᠶᠢᠨ ᠣᠷᠣᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ

ᠤᠬᠠᠭᠤᠯᠭ᠎ᠠ ᠶᠢ ᠥᠷᠨᠢᠭᠦᠯᠪᠡ᠃

微信图片_20230423095126.jpg

        ᠲᠣᠰ ᠤᠳᠠᠭᠠᠨ  ᠤ ᠠᠵᠢᠯᠯᠠᠭ᠎ᠠ ᠨᠢ ᠲᠤᠬᠠᠢ ᠶᠢᠨ ᠭᠠᠵᠠᠷ  ᠲᠤ ᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠠᠵᠤ

ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠢ ᠨᠠᠶᠢᠳᠠᠪᠤᠷᠢᠵᠢᠭᠤᠯᠬᠤ᠂ ᠠᠶᠤᠯ ᠦᠭᠡᠢ

ᠦᠢᠯᠡᠳᠪᠦᠷᠢᠯᠡᠯ ᠤᠨ ᠪᠥᠬᠦ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠥᠪᠡᠷ ᠢ ᠪᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ

ᠰᠠᠬᠢᠬᠤ ᠵᠡᠷᠭᠡ ᠠᠵᠢᠯ  ᠠᠴᠠ ᠭᠠᠷᠳᠠᠵᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠠᠵᠤ

ᠠᠬᠤᠶᠢᠯᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ

ᠠᠷᠠᠳ ᠤᠯᠤᠰ ᠤᠨ ᠣᠷᠴᠢᠨ ᠠᠬᠤᠢ  ᠶᠢᠨ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ

ᠪᠣᠬᠢᠷᠲᠤᠯ ᠢ ᠰᠡᠷᠭᠡᠶᠢᠯᠡᠨ ᠡᠵᠡᠮᠳᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ

︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠵᠡᠷᠭᠡ ᠠᠵᠤ ᠠᠬᠤᠶᠢᠯᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ

ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠡᠩ ᠤᠨ ᠬᠠᠤᠯᠢ ᠴᠠᠭᠠᠵᠠ ᠬᠠᠤᠯᠢ ᠴᠠᠭᠠᠵᠠ ᠶᠢ

ᠵᠡᠷᠭᠡᠪᠡᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠣᠢ᠃

微信图片_20230423095144.jpg        

        ᠬᠥᠭᠡᠴᠦ ᠰᠤᠮᠤᠨ ᠤ ᠬᠠᠤᠯᠢ ᠴᠠᠭᠠᠵᠠ ᠶᠢᠨ ᠭᠠᠵᠠᠷ ᠤᠨ ᠬᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ

ᠴᠢᠨᠠᠭᠰᠢᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠶᠤᠯᠭᠦᠢ

ᠦᠢᠯᠡᠳᠪᠦᠷᠢᠯᠡᠯ ᠤᠨ ᠬᠠᠤᠯᠢ ᠴᠠᠭᠠᠵᠠ ᠶᠢᠨ ᠤᠬᠠᠮᠰᠠᠷ ᠪᠣᠯᠣᠨ ᠬᠠᠤᠯᠢᠵᠢᠯ ᠤᠨ ᠦᠵᠡᠯᠲᠡ ᠶᠢ ᠳᠡᠭᠡᠭᠰᠢᠯᠡᠭᠦᠯᠬᠦ ᠶᠢᠨ ᠬᠠᠮᠲᠤ ᠠᠵᠤ ᠠᠬᠤᠶᠢᠯᠠᠯ ᠤᠨ

ᠬᠥᠭᠵᠢᠯᠲᠡ ᠳᠤ ᠰᠢᠯᠢᠳᠡᠭ ᠰᠠᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠣᠯᠣᠨ ᠠᠵᠢᠯᠲᠠᠨ ᠠᠵᠢᠯᠴᠢᠨ ᠤ ᠬᠠᠤᠯᠢ ᠶᠣᠰᠣᠨ ᠤ

ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠢᠳᠡᠪᠬᠢᠲᠡᠢ ᠬᠤᠪᠢ ᠨᠡᠮᠡᠷᠢ

ᠦᠵᠡᠬᠦᠯᠬᠦ ᠪᠠᠷ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ ᠪᠠᠶᠢᠨ᠎ᠠ᠃

                  ᠤᠷᠠᠳ  ᠤᠨ ᠬᠤᠶᠢᠲᠤ ᠬᠤᠰᠢᠭᠤᠨ  ᠤ ᠬᠠᠤᠯᠢ ᠴᠠᠭᠠᠵᠠ  ᠶᠢᠨ ᠲᠣᠪᠴᠢᠶ᠎ᠠ      ᠰᠣᠶᠣᠯᠭᠡᠷᠡᠯ

 

 

ᠢᠷᠡᠯᠲᠡ᠄ ᠤᠷᠠᠳ  ᠤᠨ ᠬᠤᠶᠢᠲᠤ ᠬᠤᠰᠢᠭᠤᠨ  ᠤ ᠬᠠᠤᠯᠢ ᠴᠠᠭᠠᠵᠠ  ᠶᠢᠨ ᠲᠣᠪᠴᠢᠶ᠎ᠠ