ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 4  ᠳ᠋ᠤᠬᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/24

      4 ᠰᠠᠷ᠎ᠠ ᠶᠢᠨ 13 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 4 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ

ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ

ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ᠂ ︽ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ

ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠰᠢᠯᠭᠠᠬᠤ ᠠᠷᠭ᠎ᠠ︾

ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠠᠪᠤᠨ ᠶᠡᠭᠡ ᠡᠭᠦᠷᠭᠡ  ᠶᠢᠨ ᠠᠵᠢᠯ ᠤᠨ ᠲᠥᠰᠥᠯ ᠢ ᠬᠢᠨᠠᠨ

ᠵᠥᠪᠯᠡᠪᠡ ᠃

       ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ

ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠭᠤᠷᠢ ᠰᠤᠳᠤᠯᠭᠠᠨ ᠢ ᠴᠢᠩᠭᠠᠳᠬᠠᠬᠤ

ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ

ᠴᠢᠩᠭᠠᠳᠬᠠᠵᠤ᠂ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠠᠶᠢᠭᠤᠯᠤᠨ᠂ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠰᠤᠳᠤᠯᠭᠠᠨ ᠤ

ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢ ᠬᠠᠮᠤᠭ ᠤᠨ ᠶᠡᠭᠡ ᠪᠠᠷ ᠪᠠᠳᠠᠷᠠᠭᠤᠯᠵᠤ᠂ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ

ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃

       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂

ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠵᠠᠭᠠᠷ ᠱᠤᠭᠤᠮ ᠢ ᠬᠦᠨᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠵᠡᠷᠬᠡ ᠬᠠᠤᠯᠢ ᠠᠴᠠ ᠵᠥᠷᠢᠴᠡᠭᠰᠡᠨ

ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠶᠢ ᠲᠠᠷᠢᠶᠠᠨ ᠭᠠᠵᠠᠷ ᠲᠤ

ᠬᠠᠳᠠᠭᠠᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠵᠠᠭᠠᠷ ᠱᠤᠭᠤᠮ ᠪᠠ ᠠᠮᠤ ᠪᠤᠳᠠᠭᠠᠨ ᠤ

ᠠᠮᠤᠷ ᠲᠦᠪᠰᠢᠨ ᠢ ᠪᠠᠲᠤ ᠰᠠᠬᠢᠨ᠎ᠠ᠃

        ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ᠂  ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠦᠨ ᠦᠷ᠎ᠡ ᠪᠦᠲᠦᠮᠵᠢ ᠣᠯᠬᠤ ᠶᠢ

ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ

ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠭᠠᠳᠠᠭᠠᠳᠤ ᠨᠡᠭᠡᠭᠡᠯᠲᠡ ᠬᠢᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠪᠦᠬᠦ

ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ

ᠬᠡᠷᠡᠭᠲᠡᠢ᠃ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠤᠨ ᠠᠷᠪᠢᠯᠠᠯᠲᠠ ᠶᠢ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ

ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠶᠢᠨ ᠳᠠᠪᠠᠭᠤᠯᠢᠭ ᠢ ᠴᠢᠩᠭᠠᠳᠬᠠᠵᠤ᠂ ᠬᠡᠷᠡᠭᠯᠡᠭᠡ᠂ ᠪᠠᠷᠠᠭᠠᠨ ᠤ ᠭᠦᠢᠯᠭᠡᠭᠡ ᠵᠡᠷᠭᠡ ᠶᠢᠨ

ᠳᠤᠲᠠᠭᠤᠳᠠᠯ ᠢ ᠨᠥᠬᠦᠪᠦᠷᠢᠯᠡᠵᠦ᠂ ᠠᠮᠤᠷ ᠲᠦᠪᠰᠢᠨ ᠢᠶᠠᠷ ᠬᠥᠭᠵᠢᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ

ᠨᠠᠶᠢᠳᠠᠪᠤᠷᠢᠵᠢᠭᠤᠯᠬᠤ ᠳᠤ ᠳᠠᠰᠤᠷᠠᠯᠳᠠ ᠦᠭᠡᠢ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃

       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠲᠣᠲᠣᠷᠬᠠᠢ ᠦᠭᠡᠢ