ᠤᠷᠠᠳ ᠤᠨ ᠬᠤᠶᠢᠲᠤ ᠬᠤᠰᠢᠭᠤᠨ ᠤ  ᠪᠠᠶᠠᠨᠴᠢᠠᠳᠠᠮᠤᠨᠢ ᠰᠤᠮᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2023/5/4

       ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠦᠢᠯᠡᠴᠢᠯᠡᠭᠡ  ᠶᠢ ᠨᠡᠩ ᠰᠠᠶᠢᠨ ᠬᠠᠩᠭᠠᠬᠤ ᠶᠢᠨ ᠲᠥᠯᠥᠭᠡ ᠠᠷᠠᠳ ᠢᠷᠭᠡᠨ᠂ ᠬᠠᠤᠯᠢ ᠶᠢᠨ

ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠤᠷᠠᠳ ᠤᠨ ᠬᠤᠶᠢᠲᠤ ᠬᠤᠰᠢᠭᠤᠨ ᠤ  ᠪᠠᠶᠠᠨᠴᠢᠠᠳᠠᠮᠤᠨᠢ ᠰᠤᠮᠤᠨ ᠤ ᠵᠠᠰᠠᠭ ᠤᠨ ᠣᠷᠳᠣᠨ ᠤ ᠮᠡᠳᠡᠭᠡ

ᠵᠠᠩᠭᠢ ᠶᠢ ᠬᠠᠤᠯᠢ ᠶᠣᠰᠣᠭᠠᠷ ᠴᠠᠭ ᠲᠤᠬᠠᠢ ᠳᠤᠨᠢ᠂ ᠣᠨᠣᠪᠴᠢᠲᠠᠢ ᠣᠯᠵᠤ ᠠᠪᠬᠤ ᠳᠤ ᠳᠥᠭᠦᠮ ᠦᠵᠡᠭᠦᠯᠵᠦ᠂  ᠬᠠᠤᠯᠢ ᠪᠠᠷ ᠵᠠᠰᠠᠬᠤ ᠵᠠᠰᠠᠭ ᠤᠨ ᠣᠷᠳᠣᠨ ᠢ

ᠪᠠᠶᠢᠭᠤᠯᠵᠤ᠂ ᠠᠷᠠᠳ ᠣᠯᠠᠨ ᠤ ᠦᠢᠯᠡᠳᠪᠦᠷᠢᠯᠡᠯ᠂ ᠠᠮᠢᠳᠤᠷᠠᠯ ᠪᠠ ᠠᠵᠤ ᠠᠬᠤᠢ ᠨᠡᠶᠢᠭᠡᠮ ᠤᠨ ᠠᠵᠢᠯᠯᠠᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ

ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ

ᠢᠯᠡ ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠦᠨᠳᠦᠰᠦᠯᠡᠨ᠂ ᠲᠣᠰ ᠵᠦᠭᠯᠡᠭᠦᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ

ᠴᠠᠭ ᠲᠤᠬᠠᠢ ᠳᠤᠨᠢ ᠰᠢᠨᠡᠳᠬᠡᠵᠦ᠂ ᠤᠷᠠᠳ ᠤᠨ ᠬᠤᠶᠢᠲᠤ ᠬᠤᠰᠢᠭᠤᠨ ᠤ  ᠪᠠᠶᠠᠨᠴᠢᠠᠳᠠᠮᠤᠨᠢ ᠰᠤᠮᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠵᠤ ᠮᠡᠳᠡᠬᠦ

ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠲᠣᠰ ᠵᠦᠭᠯᠡᠭᠦᠷ ᠢ ᠤᠩᠰᠢᠬᠤ ᠶᠢ ᠰᠠᠨᠠᠭᠠᠴᠢᠯᠠᠨ᠎ᠠ᠃

         ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠨ ᠪᠤᠯᠭᠠᠬᠤ

        ︵ᠨᠢᠭᠡ︶ ᠢᠯᠡ ᠪᠣᠯᠭᠠᠬᠤ ᠬᠡᠪᠴᠢᠶ᠎ᠡ

        ︽ᠳᠦᠷᠢᠮ︾ ᠤᠨ ᠭᠤᠷᠪᠠᠳᠤᠭᠠᠷ ᠪᠦᠯᠦᠭ ᠲᠤ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ

ᠭᠡᠵᠦ ᠲᠣᠭᠲᠠᠭᠠᠵᠠᠢ᠃

        ︵ᠬᠤᠶᠠᠷ︶ ᠢᠯᠡ ᠪᠣᠯᠭᠠᠬᠤ ᠠᠷᠭ᠎ᠠ  ᠬᠡᠯᠪᠠᠷᠢ

        1.  ᠰᠦᠯᠵᠢᠶ᠎ᠡ᠄ ︽ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ︾ ︵ᠰᠦᠯᠵᠢᠶᠡᠨ ᠤ ᠬᠠᠶ᠋ᠢᠭ http://www.

wlthq.gov.cn︶︔

        2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠄ ᠪᠠᠶᠠᠨᠴᠢᠠᠳᠠᠮᠤᠨᠢ  ᠰᠤᠮᠤᠨ ᠤ ᠸᠢᠴᠠᠲ ᠤᠨ ᠨᠡᠶᠢᠲᠡ ᠶᠢᠨ ᠳ᠋ᠤᠭᠠᠷ᠃

        3. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠴᠡᠭ᠄ ᠪᠠᠶᠠᠨᠴᠢᠠᠳᠠᠮᠤᠨᠢ  ᠰᠤᠮᠤ ᠶᠢᠨ ᠮᠡᠳᠡᠭᠡ ᠵᠠᠩᠭᠢ ᠶᠢ ᠢᠯᠡ ᠪᠣᠯᠭᠠᠬᠤ

ᠲᠤᠰᠬᠠᠢ ᠪᠤᠯᠤᠩ ᠤᠨ ᠬᠠᠶ᠋ᠢᠭ᠄ ᠤᠷᠠᠳ ᠤᠨ ᠬᠤᠶᠢᠲᠤ ᠬᠤᠰᠢᠭᠤᠨ ᠤ ᠪᠠᠶᠠᠨᠴᠢᠠᠳᠠᠮᠤᠨᠢ  ᠰᠤᠮᠤ ᠶᠢᠨ ᠠᠷᠠᠳ ᠤᠨ ᠵᠠᠰᠠᠭ ᠤᠨ ᠣᠷᠳᠣᠨ︔ ᠬᠠᠷᠢᠯᠴᠠᠬᠤ ᠠᠷᠭ᠎ᠠ

ᠬᠡᠯᠪᠡᠷᠢ᠄ 0478 — 2621369︔ ᠪᠠᠶᠢᠴᠠᠭᠠᠨ ᠦᠵᠡᠬᠦ ᠦᠢᠯᠡᠴᠢᠯᠡᠭᠡᠨ ᠤ ᠴᠠᠭ᠄ 9᠄ 00 — 12᠄ 00᠂ 15᠄ 00 — 18᠄ 00 ︵

ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶︔

        4. ᠲᠣᠰ ᠪᠠᠶᠢᠭᠤᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠴᠤᠩᠬᠤᠪᠴᠢ ᠪᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ

ᠪᠣᠯᠭᠠᠨ᠎ᠠ᠃

        ᠬᠠᠶ᠋ᠢᠭ᠄ ᠤᠷᠠᠳ ᠤᠨ ᠬᠤᠶᠢᠲᠤ ᠬᠤᠰᠢᠭᠤᠨ ᠤ ᠪᠠᠶᠠᠨᠴᠢᠠᠳᠠᠮᠤᠨᠢ  ᠰᠤᠮᠤ ᠶᠢᠨ ᠠᠷᠠᠳ ᠤᠨ ᠵᠠᠰᠠᠭ ᠤᠨ ᠣᠷᠳᠣᠨ︔

        ᠠᠵᠢᠯᠯᠠᠬᠤ ᠴᠠᠭ᠄ 9᠄ 00 —12᠄ 00᠂ 15᠄ 00 — 18᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ

ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶︔

        ᠬᠠᠷᠢᠯᠴᠠᠬᠤ ᠤᠲᠠᠰᠤ᠄ 0478 — 2621369᠃

        5᠂ ᠤᠯᠤᠰ ᠤᠨ ᠲᠠᠩᠰᠠ ᠡᠪᠬᠡᠮᠡᠯ ᠤᠨ ᠣᠷᠳᠣᠨ᠄ ᠤᠷᠠᠳ ᠤᠨ ᠬᠤᠶᠢᠲᠤ ᠬᠤᠰᠢᠭᠤᠨ ᠤ ᠲᠠᠩᠰᠠ ᠡᠪᠬᠡᠮᠡᠯ ᠤᠨ ᠣᠷᠳᠣᠨ᠃ ︵ᠬᠠᠶ᠋ᠢᠭ᠄ ᠤᠷᠠᠳ ᠤᠨ

ᠬᠤᠶᠢᠲᠤ ᠬᠤᠰᠢᠭᠤᠨ ᠤ ᠪᠠᠶᠠᠨᠴᠢᠠᠳᠠᠮᠤᠨᠢ  ᠵᠡᠭᠡᠯᠢ ᠬᠢᠭᠡᠳ  ᠴᠤᠬᠠᠦ᠋ᠠᠳᠦᠷ ᠵᠠᠮ ᠤᠨ ᠠᠭᠤᠯᠵᠠᠷ ᠠᠴᠠ ᠪᠠᠷᠠᠭᠤᠨ ᠡᠮᠦᠨᠡᠰᠢ 160 ᠮᠧᠲᠷ ︵ᠤᠷᠠᠳ ᠤᠨ ᠬᠤᠶᠢᠲᠤ

ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠦᠨ᠎ᠡ ᠡᠭᠦᠳᠡᠨ ᠤ ᠲᠠᠰᠢᠭᠤ ᠡᠰᠡᠷᠭᠦ ᠲᠠᠯ᠎ᠠ︶ ᠠᠴᠠ ᠪᠠᠷᠠᠭᠤᠨ ᠡᠮᠦᠨᠡᠰᠢ 160 ᠮᠧᠲᠷ ︵ᠤᠷᠠᠳ ᠤᠨ ᠬᠤᠶᠢᠲᠤ

ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠦᠨ᠎ᠡ ᠡᠭᠦᠳᠡᠨ ᠤ ᠲᠠᠰᠢᠭᠤ ᠡᠰᠡᠷᠭᠦ ᠲᠠᠯ᠎ᠠ︶︔ ᠬᠠᠷᠢᠯᠴᠠᠬᠤ ᠠᠷᠭ᠎ᠠ ᠬᠡᠯᠪᠡᠷᠢ᠄ 0478 — 4661363︔

ᠪᠠᠶᠢᠴᠠᠭᠠᠨ ᠦᠵᠡᠬᠦ ᠦᠢᠯᠡᠴᠢᠯᠡᠭᠡᠨ ᠤ ᠴᠠᠭ᠄ 9᠄ 00 — 12᠄ 00᠂ 15᠄ 00 — 18᠄ 00 — ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂

ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶

        ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ

︽ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠭᠲᠠᠬᠤ ᠵᠠᠰᠠᠭ ᠤᠨ ᠣᠷᠳᠣᠨ ᠤ ᠮᠡᠳᠡᠭᠡ

ᠵᠠᠩᠭᠢ ᠶᠢ ᠲᠤᠰ ᠮᠡᠳᠡᠭᠡ ᠵᠠᠩᠭᠢ ᠶᠢ ᠪᠤᠶ ᠪᠣᠯᠭᠠᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠨ᠎ᠠ᠃

ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠢ ᠠᠰᠲᠠᠭᠠᠨ ᠲᠣᠭᠲᠠᠭᠠᠯ ᠲᠠᠢ

ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃

        ᠬᠤᠶᠠᠷ᠂ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠨ᠎ᠠ

ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ︶ ᠲᠤᠰ

ᠪᠠᠶᠢᠭᠤᠯᠭ᠎ᠠ ᠶᠢᠨ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠭᠤᠶᠤᠴᠢᠯᠠᠵᠤ ᠪᠣᠯᠣᠨ᠎ᠠ᠃

        ︵ᠨᠢᠭᠡ︶ ᠭᠤᠶᠤᠴᠢᠯᠠᠬᠤ ᠠᠷᠭ᠎ᠠ

        1.   ᠨᠢᠭᠤᠷᠳᠡᠨ  ᠲᠤᠰᠢᠶᠠᠨ᠎ᠠ᠃

        ᠭᠤᠶᠤᠴᠢᠯᠠᠭᠴᠢ ᠨᠢ ᠲᠣᠰ ᠪᠠᠶᠢᠭᠤᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠴᠣᠩᠬᠤᠨ ᠳᠤ ᠬᠦᠷᠴᠦ  ᠴᠠᠭ ᠲᠤᠬᠠᠢ ᠳᠤᠨᠢ ᠭᠤᠶᠤᠴᠢᠯᠠᠯ ᠭᠠᠷᠭᠠᠵᠤ

ᠪᠣᠯᠣᠨ᠎ᠠ᠃

        ᠬᠠᠶ᠋ᠢᠭ᠄ ᠤᠷᠠᠳ ᠤᠨ ᠬᠤᠶᠢᠲᠤ ᠬᠤᠰᠢᠭᠤᠨ ᠤ ᠪᠠᠶᠠᠨᠴᠢᠨᠳᠠᠮᠤ ᠰᠤᠮᠤ ᠶᠢᠨ ᠠᠷᠠᠳ ᠤᠨ ᠵᠠᠰᠠᠭ ᠤᠨ ᠣᠷᠳᠣᠨ︔

        ᠠᠵᠢᠯᠯᠠᠬᠤ ᠴᠠᠭ᠄ 9᠄ 00 — 12᠄ 00᠂ 15᠄ 00 — 18᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ

ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶︔

        ᠬᠠᠷᠢᠯᠴᠠᠬᠤ ᠤᠲᠠᠰᠤ᠄ 0478 — 2621369᠃

        2.  ᠰᠢᠤᠳᠠᠨ ᠢᠶᠠᠷ ᠢᠯᠡᠭᠡᠬᠦ᠃

        ᠭᠤᠶᠤᠴᠢᠯᠠᠭᠴᠢ ᠨᠢ ᠵᠠᠬᠢᠳᠠᠯ ᠤᠨ ᠠᠷᠭ᠎ᠠ ᠮᠠᠶ᠋ᠢᠭ ᠢᠶᠠᠷ ᠭᠤᠶᠤᠴᠢᠯᠠᠯ ᠢᠶᠠᠨ ᠳᠤᠷᠠᠳᠪᠠᠯ᠂ ᠵᠠᠬᠢᠳᠠᠯ ᠤᠨ ᠳᠤᠭᠲᠤᠢ ᠶᠢᠨ ᠵᠡᠭᠦᠨ ᠳᠣᠣᠷ᠎ᠠ ᠥᠨᠴᠥᠭ ᠲᠤ ︽

ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠥᠰᠥᠭ ᠢ ᠲᠣᠳᠣᠷᠬᠠᠶᠢᠯᠠᠭᠠᠷᠠᠢ᠃

        ᠬᠦᠯᠢᠶᠡᠨ ᠠᠪᠤᠭᠴᠢ᠄ ᠤᠷᠠᠳ ᠤᠨ ᠬᠤᠶᠢᠲᠤ ᠬᠤᠰᠢᠭᠤᠨ ᠤ  ᠪᠠᠶᠠᠨᠴᠢᠠᠳᠠᠮᠤᠨᠢ ᠰᠤᠮᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ

        ᠬᠠᠶ᠋ᠢᠭ᠄ ᠤᠷᠠᠳ ᠤᠨ ᠬᠤᠶᠢᠲᠤ ᠬᠤᠰᠢᠭᠤᠨ ᠤ ᠪᠠᠶᠠᠨᠴᠢᠠᠳᠠᠮᠤᠨᠢ ᠰᠤᠮᠤ ᠶᠢᠨ ᠠᠷᠠᠳ ᠤᠨ ᠵᠠᠰᠠᠭ ᠤᠨ ᠣᠷᠳᠣᠨ︔

ᠰᠢᠤᠳᠠᠨ ᠳ᠋ᠤᠭᠠᠷ᠄ 015543

        3. ᠰᠦᠯᠵᠢᠶ᠎ᠡ ᠪᠠᠷ ᠲᠤᠰᠢᠶᠠᠨ᠎ᠠ᠃ ︽ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ︵ᠰᠦᠯᠵᠢᠶᠡᠨ ᠤ ᠬᠠᠶ᠋ᠢᠭ᠄ http:

//www.wlthq.gov.cn︶ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠤᠰᠬᠠᠢ ᠪᠤᠯᠤᠩ ︽ᠭᠤᠶᠤᠴᠢᠯᠠᠯ ᠢ ᠦᠨᠳᠦᠰᠦᠯᠡᠨ ᠢᠯᠡ

ᠪᠣᠯᠭᠠᠬᠤ︾ ᠪᠤᠯᠤᠩ ᠳᠤ ᠭᠠᠷᠴᠤ ᠭᠤᠶᠤᠴᠢᠯᠠᠯ ᠢᠶᠠᠨ ᠳᠡᠪᠰᠢᠭᠦᠯᠦᠭᠡᠷᠡᠢ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ