ᠠᠷᠠᠳ ᠤᠨ ᠴᠠᠭᠳᠠᠭ᠎ᠠ ︽ᠭᠦᠷᠯᠡᠬᠦ︾ ᠰᠡᠵᠢᠭᠲᠡᠢ ᠬᠥᠮᠥᠨ ᠳᠠᠭᠠᠷᠠᠪᠠᠯ ᠶᠠᠭᠠᠬᠢᠬᠤ ᠪᠣᠶ︖
ᠨᠡᠶᠢᠲᠡᠯᠡᠭᠰᠡᠨ ᠴᠠᠭ᠄
2023/5/8

      ᠠᠷᠠᠳ ᠤᠨ ᠴᠠᠭᠳᠠᠭ᠎ᠠ ︽ᠭᠦᠷᠯᠡᠬᠦ︾ ᠰᠡᠵᠢᠭᠲᠡᠢ ᠬᠥᠮᠥᠨ ᠳᠠᠭᠠᠷᠠᠪᠠᠯ ᠶᠠᠭᠠᠬᠢᠬᠤ ᠪᠣᠶ︖

      ︵ᠨᠢᠭᠡ︶ ᠲᠤᠬᠠᠢ ᠶᠢᠨ ᠲᠠᠯᠠᠪᠤᠷ ᠤᠨ ᠪᠠᠶᠢᠴᠠᠭᠠᠯᠲᠠ᠄ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠬᠡᠷᠡᠭ ᠤᠨ ᠤᠴᠢᠷ ᠰᠢᠯᠲᠠᠭᠠᠨ ᠢ ᠣᠶᠢᠯᠠᠭᠠᠵᠤ᠂

ᠬᠡᠷᠡᠭ ᠤᠨ ᠰᠢᠨᠵᠢ ᠴᠢᠨᠠᠷ ᠢ ᠠᠩᠬ᠎ᠠ ᠠᠯᠬᠤᠮ ᠮᠠᠭᠠᠳᠯᠠᠬᠤ᠃

      ︵ᠬᠤᠶᠠᠷ︶ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ᠄ ᠲᠤᠬᠠᠢ ᠶᠢᠨ ᠲᠠᠯᠠᠪᠤᠷ ᠢ ᠬᠠᠮᠠᠭᠠᠯᠠᠵᠤ᠂ ᠲᠤᠬᠠᠢ ᠶᠢᠨ ᠲᠠᠯᠠᠪᠤᠷ ᠢ ᠬᠠᠶᠢᠨ ᠪᠠᠶᠢᠴᠠᠭᠠᠨ᠎ᠠ᠃

ᠲᠤᠬᠠᠢ ᠶᠢᠨ ᠬᠥᠮᠥᠨ᠂ ᠭᠡᠷᠡᠴᠢᠯᠡᠭᠴᠢ ᠠᠴᠠ ᠯᠠᠪᠯᠠᠨ ᠠᠰᠠᠭᠤᠨ᠎ᠠ᠃ ᠲᠡᠷᠭᠡᠨ ᠤ ᠲᠡᠮᠳᠡᠭᠯᠡᠭᠦᠷ ᠤᠨ ᠸᠢᠳᠢᠤ᠋ ᠮᠠᠲ᠋ᠧᠷᠢᠶᠠᠯ ᠢ ᠬᠠᠳᠠᠭᠠᠯᠠᠨ᠎ᠠ᠃

      ︵ᠭᠤᠷᠪᠠ︶ ᠲᠤᠰᠠᠯᠠᠮᠵᠢ ᠭᠤᠶᠤᠴᠢᠯᠠᠭᠰᠠᠨ ᠢ ᠬᠠᠷᠢᠭᠤ ᠲᠤᠰᠬᠠᠬᠤ᠄ ᠵᠢᠯᠤᠭᠤᠳᠬᠤ ᠲᠥᠪ ᠲᠤ ᠴᠠᠭ ᠲᠤᠬᠠᠢ ᠳᠤ ᠨᠢ ᠮᠡᠳᠡᠭᠦᠯᠵᠦ᠂ ᠰᠡᠵᠢᠭᠯᠡᠯᠲᠡᠢ ᠬᠡᠷᠡᠭ ᠤᠨ

ᠲᠦᠭᠰᠢᠭᠦᠷᠢ ᠮᠡᠳᠡᠭᠦᠯᠦᠭᠰᠡᠨ ᠲᠡᠮᠳᠡᠭᠯᠡᠯ ᠢ ᠪᠠᠶᠢᠴᠠᠭᠠᠨ ᠡᠷᠢᠵᠦ᠂ ᠰᠡᠵᠢᠭᠲᠡᠢ ᠬᠥᠮᠥᠰ ᠲᠤ ᠡᠶᠢᠮᠦᠷᠬᠦ ᠬᠡᠷᠡᠭ ᠤᠨ ᠶᠠᠯ᠎ᠠ ᠶᠢᠨ ᠲᠡᠦᠬᠡ ᠣᠷᠣᠰᠢᠵᠤ ᠪᠠᠶᠢᠬᠤ ᠡᠰᠡᠬᠦ ᠶᠢ

ᠤᠯᠠᠮ ᠨᠢᠭᠡ ᠠᠯᠬᠤᠮ ᠬᠢᠨᠠᠨ ᠬᠠᠷᠭᠤᠭᠤᠯᠤᠨ᠎ᠠ᠃

      ︵ᠳᠥᠷᠪᠡ︶ ᠡᠷᠡᠰ ᠰᠢᠭᠤᠷᠬᠠᠢ ᠪᠠᠷ ᠰᠢᠢᠳᠪᠦᠷᠢᠯᠡᠬᠦ᠄ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠨᠢ ᠭᠡᠷᠡᠴᠢᠯᠡᠬᠦ ᠭᠡᠷᠡᠴᠢ ᠪᠠᠷᠢᠮᠲᠠ ᠲᠠᠢ

ᠬᠥᠮᠥᠨ ᠢ ᠡᠷᠡᠰ ᠰᠢᠭᠤᠷᠬᠠᠢ ᠪᠠᠷ ᠡᠵᠡᠮᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠪᠠᠴᠢᠵᠤ ᠬᠠᠤᠯᠢ ᠶᠣᠰᠣᠭᠠᠷ ᠰᠢᠢᠳᠪᠦᠷᠢᠯᠡᠨ᠎ᠡ᠃

ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ