ᠠᠷᠠᠳ ᠤᠨ ᠴᠠᠭᠳᠠᠭ᠎ᠠ ᠬᠠᠮᠲᠤ ᠶᠢᠨ ᠵᠡᠪᠰᠡᠭᠲᠦ ᠲᠡᠮᠡᠴᠡᠯᠳᠦᠭᠡᠨ ᠳᠤ ᠤᠴᠠᠷᠠᠪᠠᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2023/5/8

       ᠠᠷᠠᠳ ᠤᠨ ᠴᠠᠭᠳᠠᠭ᠎ᠠ ᠬᠠᠮᠲᠤ ᠶᠢᠨ ᠵᠡᠪᠰᠡᠭᠲᠦ ᠲᠡᠮᠡᠴᠡᠯᠳᠦᠭᠡᠨ ᠳᠤ ᠤᠴᠠᠷᠠᠪᠠᠯ ᠶᠠᠭᠠᠬᠢᠬᠤ ᠪᠤᠢ︖

       ︵ᠨᠢᠭᠡ︶ ᠴᠠᠭ ᠲᠤᠬᠠᠢ ᠳᠤ ᠨᠢ ᠮᠡᠳᠡᠭᠦᠯᠬᠦ᠄ ᠲᠤᠬᠠᠢ ᠶᠢᠨ ᠲᠠᠯᠠᠪᠠᠶ ᠶᠢᠨ ᠪᠠᠶᠢᠳᠠᠯ ᠢ ᠲᠡᠷᠡ ᠳᠠᠷᠤᠢ ᠳᠤ ᠨᠢ ᠵᠢᠯᠤᠭᠤᠳᠬᠤ ᠲᠥᠪ ᠲᠤ ᠮᠡᠳᠡᠭᠦᠯᠵᠦ᠂

ᠲᠤᠰᠠᠯᠠᠮᠵᠢ ᠭᠤᠶᠤᠴᠢᠯᠠᠨ᠎ᠠ᠃

       ︵ᠬᠤᠶᠠᠷ︶ ᠬᠡᠷᠡᠭ ᠤᠨ ᠪᠠᠶᠢᠳᠠᠯ ᠢ ᠯᠠᠪᠳᠠᠭᠤᠨ ᠡᠵᠡᠮᠳᠡᠬᠦ᠄ ᠲᠤᠬᠠᠢ ᠶᠢᠨ ᠲᠠᠯᠠᠪᠠᠶ ᠳᠤ ᠬᠠᠰᠬᠢᠷᠤᠨ ᠶᠠᠷᠢᠵᠤ᠂ ᠵᠡᠪᠰᠡᠭᠲᠦ ᠲᠡᠮᠡᠴᠡᠯᠳᠦᠭᠡᠨ ᠤ ᠬᠠᠤᠯᠢ ᠠᠴᠠ

ᠵᠥᠷᠢᠴᠡᠭᠰᠡᠨ ᠴᠢᠨᠠᠷ ᠵᠢᠴᠢ ᠦᠷ᠎ᠡ ᠳ᠋ᠦᠩ ᠢ ᠮᠡᠳᠡᠭᠳᠡᠵᠦ᠂ ᠬᠤᠶᠠᠷ ᠲᠠᠯ᠎ᠠ ᠶᠢᠨ ᠤᠷᠮ᠎ᠠ ᠰᠡᠳᠬᠢᠯᠭᠡ᠂ ᠲᠤᠰᠬᠠᠯ ᠢ ᠨᠢᠭᠲᠠ ᠠᠩᠬᠠᠷᠴᠤ᠂ ᠬᠥᠮᠥᠨ ᠬᠠᠷ᠎ᠠ ᠦᠬᠦᠵᠦ

ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃

       ︵ᠭᠤᠷᠪᠠ︶ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷ ᠢ ᠬᠡᠷᠡᠭᠯᠡᠨ ᠲᠤᠬᠠᠢ ᠶᠢᠨ ᠲᠠᠯᠠᠪᠠᠢ ᠳᠤ ᠪᠦᠬᠦ ᠶᠠᠪᠤᠴᠠ ᠳᠤ

ᠳᠠᠭᠤ ᠳᠦᠷᠰᠦ ᠰᠢᠩᠭᠡᠭᠡᠯᠲᠡ ᠬᠢᠨ᠎ᠡ᠃

       ︵ᠳᠥᠷᠪᠡ︶ ᠴᠠᠭᠳᠠᠭᠠᠨ ᠤ ᠬᠦᠴᠦᠨ ᠢ ᠲᠥᠪᠯᠡᠷᠡᠭᠦᠯᠬᠦ᠄ ᠲᠤᠰᠠᠯᠠᠮᠵᠢ ᠢᠷᠡᠭᠰᠡᠨ ᠤ ᠳᠠᠷᠠᠭ᠎ᠠ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠵᠦ᠂

ᠲᠤᠬᠠᠢ ᠶᠢᠨ ᠲᠠᠯᠠᠪᠠᠶ ᠳᠤ ᠥᠨᠳᠥᠷ ᠳᠠᠷᠤᠯᠲᠠ ᠦᠵᠡᠭᠦᠯᠬᠦ᠂ ᠰᠦᠷᠳᠡᠭᠦᠯᠬᠦ ᠪᠠᠶᠢᠳᠠᠯ ᠢ ᠪᠣᠶ ᠪᠣᠯᠭᠠᠵᠤ᠂ ᠵᠡᠪᠰᠡᠭ ᠢᠶᠠᠷ ᠲᠡᠮᠡᠴᠡᠬᠦ ᠬᠤᠶᠠᠷ ᠡᠲᠡᠭᠡᠳ ᠢ ᠠᠯᠪᠠᠳᠠᠵᠤ

ᠪᠠᠶᠢᠭᠠᠳ ᠵᠡᠪᠰᠡᠭ ᠢᠶᠠᠷ ᠲᠡᠮᠡᠴᠡᠬᠦ ᠶᠢ ᠨᠢ ᠵᠣᠭᠰᠣᠭᠠᠨ᠎ᠠ᠃

        ︵ᠲᠠᠪᠤ︶ ᠠᠯᠪᠡᠳᠡᠠ ᠰᠠᠯᠭᠠᠵᠤ ᠠᠪᠠᠴᠢᠬᠤ᠄ ᠴᠠᠭ ᠲᠤ ᠨᠢ ᠲᠣᠬᠢᠷᠠᠭᠤᠯᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶᠢᠭᠤᠯᠤᠭᠴᠢ ᠪᠠ

ᠥᠳᠥᠭᠡᠭᠴᠢ ᠶᠢ ᠲᠤᠬᠠᠢ ᠶᠢᠨ ᠭᠠᠵᠠᠷ ᠠᠴᠠ ᠠᠯᠪᠡᠳᠡᠠ ᠰᠠᠯᠭᠠᠵᠤ ᠠᠪᠠᠴᠢᠨ᠎ᠠ᠃

ᠢᠷᠡᠯᠲᠡ᠄ ᠲᠤᠳᠤᠭᠠᠳᠤ ᠶᠢ ᠬᠠᠮᠠᠭᠠᠯᠠᠬᠤ ᠲᠢᠩᠬᠢᠮ