ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 5 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/24

      6 ᠰᠠᠷ᠎ᠠ ᠶᠢᠨ 6 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 5 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ

ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ

ᠠᠩᠬᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮᠵᠢᠯᠠᠨ ᠰᠤᠷᠤᠯᠴᠠᠪᠠ᠃︽ᠤᠷᠠᠳ ᠤᠨ ᠬᠤᠶᠢᠲᠤ ᠬᠤᠰᠢᠭᠤᠨ ᠤ ᠰᠢᠶᠠᠨ ᠤ ᠬᠤᠲᠠ ᠪᠠᠷ ᠴᠢᠬᠤᠯᠠ

ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠥᠰᠥᠯ 2023 — 2025︶ ︵ᠶᠠᠷᠢᠯᠴᠠᠬᠤ ᠨᠣᠣᠷᠠᠭ

︶︾ ︽ᠤᠷᠠᠳ ᠤᠨ ᠬᠤᠶᠢᠲᠤ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠳᠡᠭᠡᠳᠦ ᠱᠠᠲᠤᠨ ᠳᠤ

ᠬᠢᠵᠠᠭᠠᠷᠯᠠᠨ ᠨᠢᠭᠡᠳᠦᠯᠲᠡᠢ ᠪᠣᠯᠭᠠᠬᠤ᠂ ᠳᠣᠣᠷᠠᠳᠤ ᠱᠠᠲᠤᠨ ᠤ ᠬᠢᠨᠠᠨ ᠰᠢᠯᠭᠠᠬᠤ ᠨᠢᠭᠡᠴᠡ ᠳᠤ ᠬᠢᠵᠠᠭᠠᠷᠯᠠᠨ ᠱᠠᠩᠨᠠᠵᠤ ᠨᠥᠬᠦᠪᠦᠷᠢ ᠥᠭᠬᠦ ᠠᠷᠭ᠎ᠠ ︵ᠲᠤᠷᠰᠢᠨ

ᠬᠡᠷᠡᠭᠵᠢᠭᠦᠯᠬᠦ︶ ︵ᠶᠠᠷᠢᠯᠴᠠᠬᠤ ᠨᠣᠣᠷᠠᠭ︶︾ ᠶᠢ ᠬᠢᠨᠠᠨ ᠵᠥᠪᠯᠡᠵᠦ ᠪᠠᠲᠤᠯᠠᠪᠠ᠃

      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ

ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ  ᠶᠢᠨ ᠵᠢᠯ ᠮᠥᠨ᠂ ᠮᠥᠨ ᠴᠦ ᠬᠢᠨᠠᠨ ᠪᠣᠳᠣᠬᠤ ᠪᠠᠶᠢᠭᠤᠯᠤᠯᠭ᠎ᠠ ᠪᠠᠶᠢᠭᠤᠯᠤᠭᠳᠠᠭᠰᠠᠨ 40 ᠵᠢᠯ ᠤᠨ ᠣᠶ

ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠢᠨᠠᠨ ᠪᠤᠳᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ

ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ

ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠢᠨᠠᠨ ᠪᠤᠳᠤᠬᠤ ᠠᠵᠢᠯ ᠤᠨ ᠭᠤᠣᠯᠳᠠᠯᠭ᠎ᠠ ᠶᠢ ᠲᠣᠪᠤᠶᠢᠯᠭᠠᠨ᠂ ᠬᠢᠨᠠᠨ

ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠨ ᠪᠤᠳᠤᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠴᠦᠲᠡᠢ ᠪᠥᠭᠡᠳ

ᠪᠦᠲᠦᠮᠵᠢᠲᠡᠶ ᠬᠢᠨᠠᠨ ᠪᠤᠳᠤᠬᠤ ᠠᠵᠢᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ  ᠶᠢᠨ

ᠦᠨᠳᠦᠰᠦᠲᠡᠨ ᠤ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠢ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ  ᠶᠢᠨ ᠱᠠᠭᠠᠷᠳᠠᠯᠭ᠎ᠠ  ᠶᠢ

ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠣᠨᠣᠪᠴᠢᠲᠠᠶ ᠡᠵᠡᠮᠰᠢᠵᠦ᠂ ᠪᠥᠬᠦ ᠲᠠᠯ᠎ᠠ ᠪᠠᠷ ᠡᠵᠡᠮᠰᠢᠬᠦ ᠬᠡᠷᠡᠭᠲᠡᠢ᠃︽ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂

ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ

︽ᠯᠠᠪᠳᠠᠭᠤᠨ ᠪᠠᠲᠤᠲᠠᠢ ᠠᠵᠢᠯᠯᠠᠬᠤ︾ ᠤᠯᠠᠭᠠᠨ ᠲᠡᠮᠡᠭᠡᠨ ᠤ ᠴᠢᠨᠠᠷ ᠴᠢᠨᠰᠠᠭ᠎ᠠ ᠶᠢ ᠠᠵᠢᠯ ᠤᠨ ᠪᠠᠶᠢᠷᠢ ᠳᠠᠭᠠᠨ ᠨᠠᠶᠢᠳᠠᠪᠤᠷᠢᠵᠢᠭᠤᠯᠵᠤ᠂ ᠪᠣᠳᠠᠲᠤ

ᠠᠵᠢᠯᠯᠠᠭ᠎ᠠ ᠪᠠᠷ ᠢᠶᠠᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠤᠭᠰᠠᠨ

ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠤᠬᠠᠮᠰᠠᠷ  ᠠᠴᠠ ᠪᠠᠨ

ᠰᠠᠶᠢᠲᠤᠷ ᠬᠠᠮᠠᠭᠠᠯᠠᠬᠤ ᠬᠡᠷᠡᠭᠲᠡᠢ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ