ᠣᠶᠢᠷ᠎ᠠ ᠶᠢᠨ ᠵᠢᠯ ᠤᠳ ᠲᠤ᠂ ᠴᠤᠬᠠᠦ᠋ᠠᠳᠦᠷ ᠪᠠᠯᠭᠠᠰᠤᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠪᠠᠭ᠎ᠠ᠂ ᠡᠯᠡᠰᠦ ᠮᠠᠩᠬ᠎ᠠ ᠵᠢᠴᠢ ᠡᠯᠡᠰᠦᠨ ᠰᠢᠭᠤᠷᠭ᠎ᠠ ᠶᠢᠨ | ᠠᠭᠤᠷ ᠠᠮᠢᠰᠬᠤᠯ ᠣᠯᠠᠨ ᠪᠠᠶᠢᠵᠤ᠂ ᠭᠠᠩ ᠬᠠᠭᠰᠠᠷᠠᠭᠠᠨ ᠤ ᠪᠠᠶᠢᠳᠠᠯ ᠠᠴᠠ ᠪᠣᠯᠵᠤ ᠪᠠᠶᠢᠭᠠᠯᠢ ᠶᠢᠨ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠨᠡᠯᠢᠶᠡᠳ | ᠮᠠᠭᠤ ᠪᠠᠶᠢᠨ᠎ᠠ᠃ ᠪᠥᠬᠦ ᠪᠠᠯᠭᠠᠰᠤᠨ ᠤ 8 ᠭᠠᠴᠠᠭ᠎ᠠ ᠳᠤ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ | ᠨᠣᠭᠤᠭᠠᠷᠠᠬᠤ ᠨᠢ ᠤᠳᠠᠭᠠᠰᠢᠷᠠᠵᠤ᠂ ᠮᠠᠯ ᠤᠨᠤᠭ᠎ᠠ ᠶᠢᠨ ᠡᠪᠡᠰᠦ ᠪᠣᠷᠳᠤᠭ᠎ᠠ ᠳᠤᠲᠠᠭᠳᠠᠬᠤ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠵᠣᠬᠢᠬᠤ ᠬᠡᠮᠵᠢᠶᠡᠨ ᠤ | ᠬᠤᠬᠢᠷᠠᠯ ᠤᠴᠠᠷᠠᠭᠤᠯᠪᠠ᠃ | ᠪᠠᠶᠠᠨᠨᠢᠷᠤᠭᠤ ᠭᠠᠴᠠᠭ᠎ᠠ | 6 ᠰᠠᠷ᠎ᠠ ᠶᠢᠨ 18 ᠤ ᠡᠳᠦᠷ᠂ ᠪᠠᠶᠠᠨᠨᠢᠷᠤᠭᠤ ᠭᠠᠴᠠᠭ᠎ᠠ ᠨᠢ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠰᠢᠢᠳᠪᠦᠷᠢᠲᠦ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠵᠣᠯᠭᠠᠭᠤᠯᠤᠨ ᠵᠣᠬᠢᠴᠠᠭᠤᠯᠵᠤ᠂ 137 ᠲᠣᠨ ᠴᠢᠨᠠᠷ | ᠰᠠᠶᠢᠲᠠᠢ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠴᠤ᠂ 6 ᠰᠠᠷ᠎ᠠ ᠶᠢᠨ 22 ᠤᠨ ᠡᠳᠦᠷ ᠪᠠᠶᠠᠨᠨᠢᠷᠤᠭᠤ ᠭᠠᠴᠠᠭ᠎ᠠ ᠶᠢᠨ 55 ᠡᠷᠦᠬᠡ | ᠮᠠᠯᠴᠢᠳ ᠲᠤ ᠲᠦᠭᠡᠭᠡᠨ ᠥᠭᠴᠡᠢ᠃ | ᠴᠠᠭᠠᠨᠬᠤᠪᠤᠭᠠ ᠭᠠᠴᠠᠭ᠎ᠠ | 6 ᠰᠠᠷ᠎ᠠ ᠶᠢᠨ 20 ᠤ ᠡᠳᠦᠷ᠂ ᠴᠠᠭᠠᠨᠬᠤᠪᠤᠭᠠ ᠭᠠᠴᠠᠭ᠎ᠠ ᠶᠢᠨ ᠬᠢᠨ ᠭᠠᠩ ᠬᠠᠭᠰᠠᠷᠠᠭᠠᠨ ᠢ ᠡᠰᠡᠷᠭᠦᠴᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠬᠠᠮᠲᠤ ᠶᠢᠨ ᠪᠡᠯᠡ ᠮᠥᠩᠭᠦ ᠪᠠᠷ ᠢᠶᠠᠨ 6 ᠲᠦᠮᠡᠨ ᠲᠥᠭᠦᠷᠢᠭ ᠢ ᠠᠰᠢᠭᠯᠠᠨ 34 ᠲᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ 57 ᠡᠷᠤᠬᠡ ᠮᠠᠯᠴᠢᠳ ᠲᠤ | ᠲᠦᠭᠡᠭᠡᠨ ᠥᠭᠴᠡᠢ ᠃ | ᠡᠪᠡᠰᠦ ᠪᠣᠷᠳᠤᠭ᠎ᠠ ᠶᠢ ᠵᠠᠯᠭᠠᠭ᠎ᠠ ᠪᠠᠷ ᠲᠦᠭᠡᠭᠡᠭᠰᠡᠨ ᠨᠢ᠂ ᠭᠠᠮᠰᠢᠬᠳᠠᠬᠰᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠵᠣᠬᠢᠬᠤ ᠲᠤᠰᠠᠯᠠᠮᠵᠢ ᠪᠤᠯᠵᠤ | ᠂ ᠭᠠᠴᠠᠭᠠᠨ ᠤ ᠮᠠᠯᠴᠢᠳ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠪᠡᠯᠡ ᠮᠥᠩᠭᠦ ᠪᠠ ᠡᠪᠡᠰᠦ ᠪᠣᠷᠳᠤᠭ᠎ᠠ ᠶᠢᠨ ᠲᠤᠳᠠᠬᠳᠠᠯ ᠢ ᠪᠦᠲᠦᠮᠵᠢᠲᠡᠶ | ᠰᠢᠢᠳᠪᠦᠷᠢᠯᠡᠭᠰᠡᠨ ᠪᠠᠶᠢᠨ᠎ᠠ᠃ | | |